ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠰᠦᠩᠱᠠᠨ ᠲᠣᠭᠤᠷᠢᠭ ᠤᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/10/13
     10 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠰᠢ ᠬᠤᠸᠠ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠰᠦᠩᠱᠠᠨ ᠲᠣᠭᠤᠷᠢᠭ ᠤᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠰᠦᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠱᠦᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠤᠸᠠᠨ ᠴᠦᠨ ᠯᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠰᠢᠶᠠᠨ ᠹᠦ᠋ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠰᠦᠩᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠨᠢᠯᠴᠠᠭᠤᠯᠭ᠎ᠠ ᠶᠢ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠪᠠᠶᠢᠭᠤᠯᠤᠯᠲᠠ ᠠᠵᠢᠯᠯᠠᠭᠠᠨ ᠪᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠠᠵᠢᠯ ᠳᠤ ᠣᠷᠣᠯᠴᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠦᠩᠱᠠᠨ ᠲᠣᠭᠤᠷᠢᠭ ᠤᠨ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠦᠢᠯᠡᠳᠦᠯ ᠢ ᠬᠡᠷᠬᠢᠨ ᠨᠡᠩ ᠰᠠᠶᠢᠲᠤᠷ ᠪᠠᠳᠠᠷᠠᠭᠤᠯᠬᠤ᠂ ᠬᠠᠤᠯᠢ ᠲᠣᠭᠲᠠᠭᠠᠬᠤ ᠠᠵᠢᠯ ᠤᠨ ᠳᠤᠮᠳᠠ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠨᠡᠩ ᠰᠠᠶᠢᠲᠤᠷ ᠦᠢᠯᠡᠳᠦᠯᠭᠡᠵᠢᠭᠦᠯᠬᠦ ᠲᠤᠬᠠᠢ ᠰᠠᠨᠠᠯ ᠢᠶᠠᠨ ᠰᠣᠯᠢᠯᠴᠠᠪᠠ᠃    ᠭᠤᠤ ᠰᠢ ᠬᠤᠸᠠ ᠦᠨᠳᠦᠰᠦᠨ ᠱᠠᠲᠤᠨ ᠤ ᠬᠠᠤᠯᠢ ᠲᠣᠭᠲᠠᠭᠠᠯᠲᠠ ᠶᠢᠨ ᠬᠠᠷᠢᠯᠴᠠᠬᠤ ᠴᠡᠭ ᠤᠨ ᠠᠵᠢᠯ ᠢ ᠳᠡᠭᠡᠳᠦ ᠬᠡᠮᠵᠢᠶ᠎ᠡ ᠪᠠᠷ  ᠨᠤᠲᠠᠯᠠᠬᠤ ᠶᠢᠨ ᠬᠠᠮᠲᠤ ᠵᠢᠭᠠᠵᠤ ᠭᠠᠷᠭᠠᠭᠰᠠᠨ ᠨᠢ᠂ ᠦᠨᠳᠦᠰᠦᠨ ᠱᠠᠲᠤᠨ ᠤ ᠬᠠᠤᠯᠢ ᠲᠣᠭᠲᠠᠭᠠᠯᠲᠠ ᠶᠢᠨ ᠬᠠᠷᠢᠯᠴᠠᠬᠤ ᠴᠡᠭ ᠤᠨ ᠠᠵᠢᠯ ᠢ ᠴᠢᠩᠭᠠᠳᠬᠠᠬᠤ ᠪᠣᠯ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠪᠣᠳᠠᠲᠠᠢ ᠦᠢᠯᠡᠳᠦᠯᠭᠡ ᠮᠥᠨ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠯᠪᠡᠷᠢ ᠮᠥᠨ᠃ ᠰᠦᠩᠱᠠᠨ ᠲᠣᠭᠤᠷᠢᠭ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠬᠠᠤᠯᠢ ᠲᠣᠭᠲᠠᠭᠠᠯᠲᠠ ᠶᠢᠨ ᠬᠠᠷᠢᠯᠴᠠᠬᠤ ᠴᠡᠭ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠦᠨᠳᠦᠰᠦᠨ ᠱᠠᠲᠤᠨ ᠤ ᠬᠠᠤᠯᠢ ᠲᠣᠭᠲᠠᠭᠠᠯᠲᠠ ᠶᠢᠨ ᠬᠠᠷᠢᠯᠴᠠᠬᠤ ᠴᠡᠭ ᠢ ᠵᠢᠷᠤᠮᠵᠢᠭᠤᠯᠬᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠨᠢ ᠥᠷᠭᠡᠨ ᠳᠡᠯᠭᠡᠷᠡᠩᠭᠦᠶ ᠪᠠᠷ ᠰᠣᠨᠣᠰᠴᠤ᠂ ᠤᠯᠠᠨ ᠲᠦᠮᠡᠨ ᠤ ᠰᠠᠨᠠᠯ ᠢ ᠬᠤᠷᠢᠶᠠᠵᠤ᠂ ᠵᠦᠢ ᠵᠣᠬᠢᠰᠲᠠᠶ ᠬᠠᠤᠯᠢ ᠲᠣᠭᠲᠠᠭᠠᠬᠤ ᠰᠠᠨᠠᠭᠤᠯᠭ᠎ᠠ ᠳᠤᠷᠠᠳᠴᠤ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠨᠡᠩ ᠤᠯᠠᠨ ᠲᠦᠮᠡᠨ ᠲᠠᠢ ᠣᠶᠢᠷᠠᠲᠤᠭᠤᠯᠵᠤ᠂ ᠨᠡᠩ ᠬᠡᠷᠡᠭᠵᠢᠭᠦᠯᠦᠭᠦᠰᠢᠲᠡᠶ ᠪᠣᠯᠭᠠᠬᠤ ᠬᠡᠷᠡᠭᠲᠡᠶ︔ ᠮᠠᠨ ᠤ ᠬᠤᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠬᠠᠮᠲᠤ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠰᠢᠯᠭᠠᠨ ᠦᠨᠡᠯᠡᠵᠦ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ᠂ ᠥᠭᠡᠷᠡᠴᠢᠯᠡᠬᠦ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ ᠳᠤ ᠪᠤᠰᠤᠳᠴᠢ ᠦᠨᠳᠦᠰᠦᠯᠡᠯ ᠬᠠᠩᠭᠠᠵᠤ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠢ︔ ᠬᠠᠤᠯᠢ ᠶᠢ ᠰᠠᠬᠢᠬᠤ᠂ ᠬᠠᠤᠯᠢ ᠶᠢ ᠪᠣᠯᠪᠠᠰᠤᠨ ᠢᠶᠠᠷ ᠬᠡᠷᠡᠭᠵᠢᠭᠦᠯᠬᠦ ᠵᠡᠷᠭᠡ ᠲᠠᠯ᠎ᠠ ᠪᠠᠷ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠲᠥᠪ ᠭᠤᠣᠯᠴᠢ᠂ ᠢᠯᠡ ᠲᠣᠳᠣ ᠪᠠᠶᠢᠬᠤ ᠵᠠᠷᠴᠢᠮ ᠢ ᠪᠠᠷᠢᠮᠲᠠᠯᠠᠵᠤ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号