10 ᠰᠠᠷ᠎ᠠ ᠶᠢᠨ 7 ᠤ ᠡᠳᠦᠷ᠂ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︽ | 2023 ᠣᠨ ᠤ ᠬᠤᠲᠠ ᠶᠢᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠤᠨᠴᠠᠯᠢᠭᠳᠤ ᠲᠣᠰᠬᠤᠨ ᠤ | ᠨᠡᠷᠡᠰ︾ ᠢ ᠨᠡᠶᠢᠲᠡᠯᠡᠵᠦ᠂ ᠨᠡᠶᠢᠲᠡ 19 ᠤᠨᠴᠠᠯᠢᠭᠳᠤ ᠲᠣᠰᠬᠤᠨ ᠢ ᠦᠨᠡᠯᠡᠨ ᠲᠣᠭᠲᠠᠭᠠᠪᠠ᠂ ᠡᠭᠦᠨ ᠳᠤ | ᠰᠦᠩᠱᠠᠨ ᠲᠣᠭᠤᠷᠢᠭ ᠤᠨ ᠰᠢᠶᠤᠤ ᠮᠢᠶᠣᠣ ᠽᠢ ᠲᠣᠰᠬᠤᠨ᠂ ᠶᠡᠭᠡ ᠣᠯᠢᠶᠠᠰᠤᠲᠠᠢ ᠲᠣᠰᠬᠤᠨ᠂ ᠮᠣᠩᠭᠤᠯ ᠶᠢᠩᠽᠢ | ᠲᠣᠰᠬᠤᠨ ᠦᠨᠡᠯᠡᠭᠳᠡᠪᠡ᠃ | ᠰᠢᠶᠤᠤ ᠮᠢᠶᠣᠣ ᠽᠢ ᠲᠣᠰᠬᠤᠨ ᠨᠢ ᠳ᠋ᠡ ᠮᠢᠶᠣᠣ ᠪᠠᠯᠭᠠᠰᠤ ᠳᠤ ᠪᠠᠶᠢᠷᠢᠯᠠᠵᠤ᠂ ᠬᠤᠳᠠ ᠶᠢᠨ ᠲᠣᠭᠤᠷᠢᠭ ᠠᠴᠠ | 90 ᠺᠢᠯᠤᠮᠧᠲᠷ ᠵᠠᠶᠢᠲᠠᠢ᠂ 2021 ᠣᠨ ᠳᠤ ︽ᠪᠦᠬᠦ ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ | ᠭᠤᠣᠯᠳᠠᠯᠭ᠎ᠠ ᠲᠠᠢ ᠲᠣᠰᠬᠤᠨ︾ ᠢᠶᠠᠷ ᠦᠨᠡᠯᠡᠭᠳᠡᠪᠡ᠃ ᠰᠢᠶᠤᠤ ᠮᠢᠶᠣᠣ ᠽᠢ ᠲᠣᠰᠬᠤᠨ ᠤ ᠰᠣᠶᠣᠯ ᠤᠨ ᠰᠠᠭᠤᠷᠢ | ᠭᠦᠨ ᠵᠤᠵᠠᠭᠠᠨ᠂ ᠵᠤᠭᠠᠴᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠢᠩᠭᠡ ᠶᠢᠨ ᠭᠤᠤᠯ ᠲᠣᠰᠬᠤᠨ ᠢ | ᠨᠡᠪᠲᠡᠯᠦᠨ ᠦᠩᠭᠡᠷᠡᠨ᠎ᠡ᠃ ᠭᠠᠷᠤᠳᠢ ᠠᠭᠤᠯᠠ᠂ ᠴᠢᠯᠠᠭᠤᠨ ᠬᠦᠮᠦᠨ ᠠᠭᠤᠯᠠ᠂ ᠪᠠᠷᠰ ᠠᠭᠤᠶ ᠵᠡᠷᠭᠡ ᠪᠠᠶᠢᠭᠠᠯᠢ ᠶᠢᠨ | ᠵᠢᠭᠤᠯᠴᠢᠯᠠᠯ ᠤᠨ ᠡᠬᠢ ᠪᠠᠶᠠᠯᠢᠭ ᠢ ᠠᠩᠬᠠᠨ ᠤ ᠠᠮᠢ ᠠᠬᠤᠶ ᠶᠢᠨ ᠠᠷᠭ᠎ᠠ ᠮᠠᠶ᠋ᠢᠭ ᠢᠶᠠᠷ ᠬᠠᠮᠠᠭᠠᠯᠠᠨ ᠠᠰᠢᠭᠯᠠᠪᠠ᠃ | ᠠᠷᠠᠳ ᠤᠨ ᠵᠠᠩ ᠦᠢᠯᠡ ᠶᠢᠨ ᠦᠵᠡᠭᠦᠯᠦᠯᠭᠡ ᠶᠢᠨ ᠣᠷᠳᠣᠨ᠂ ᠭᠠᠷᠤᠳᠢ ᠵᠢᠯᠠᠭ᠎ᠠ ᠶᠢᠨ ᠤᠢ ᠶᠢᠨ ᠵᠢᠮᠢᠰ ᠲᠡᠭᠦᠬᠦ | ᠬᠦᠷᠢᠶᠡᠯᠡᠩ᠂ ᠵᠤᠭᠠᠴᠠᠨ ᠰᠡᠯᠡᠭᠦᠴᠡᠬᠦ ᠠᠮᠠᠷᠠᠯᠲᠠ ᠶᠢᠨ ᠲᠣᠭᠤᠷᠢᠭ ᠨᠢ ᠥᠪᠡᠷ ᠥᠪᠡᠷ ᠤᠨ ᠣᠨᠴᠠᠯᠢᠭ ᠲᠠᠢ ᠪᠠᠶᠢᠵᠤ᠂ | ᠬᠢᠲᠠᠳ ᠡᠮ ᠤᠨ ᠮᠠᠲ᠋ᠧᠷᠢᠶᠠᠯ ᠤᠨ ︽ᠴᠡᠴᠡᠭ ᠤᠨ ᠳᠠᠯᠠᠢ︾ ᠨᠢ ᠥᠪᠡᠷᠮᠢᠴᠡ ᠣᠨᠴᠠᠯᠢᠭ ᠲᠠᠢ ᠪᠠᠶᠢᠵᠤ᠂ ᠰᠡᠳᠬᠢᠯ | ᠵᠢᠷᠦᠬᠡ ᠶᠢ ᠪᠠᠶᠠᠰᠬᠠᠨ᠎ᠠ᠃ | ᠶᠡᠭᠡ ᠣᠯᠢᠶᠠᠰᠤᠲᠠᠢ ᠲᠣᠰᠬᠤᠨ ᠬᠠᠭᠤᠴᠢᠨ ᠬᠤᠷᠤᠭ᠎ᠠ ᠪᠠᠯᠭᠠᠰᠤ ᠳᠤ ᠪᠠᠶᠢᠷᠢᠯᠠᠵᠤ᠂ ᠤᠯᠠᠭᠠᠨᠬᠠᠳᠠ | ᠬᠤᠳᠠ ᠶᠢᠨ ᠲᠣᠭᠤᠷᠢᠭ ᠠᠴᠠ 80 ᠺᠢᠯᠤᠮᠧᠲᠷ ᠵᠠᠶᠢᠲᠠᠢ᠂ ᠤᠯᠤᠰ ᠤᠨ ᠵᠠᠮ ᠤᠨ 111 ᠱᠤᠭᠤᠮ ᠡᠭᠦᠨ ᠲᠠᠢ | ᠬᠤᠯᠪᠣᠯᠳᠤᠵᠤ᠂ ᠵᠠᠮ ᠬᠠᠷᠢᠯᠴᠠᠭᠠᠨ ᠤ ᠳᠠᠪᠠᠭᠤᠯᠢᠭ ᠮᠡᠳᠡᠭᠳᠡᠮ᠎ᠡ ᠪᠠᠶᠢᠵᠤ᠂ 2022 ᠣᠨ ᠳᠤ ︽ᠪᠦᠬᠦ | ᠤᠯᠤᠰ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ︾ ᠢᠶᠠᠷ ᠦᠨᠡᠯᠡᠭᠳᠡᠪᠡ᠃ ᠶᠡᠭᠡ | ᠣᠯᠢᠶᠠᠰᠤᠲᠠᠢ ᠲᠣᠰᠬᠤᠨ ᠨᠢ ᠪᠠᠶᠢᠭᠠᠯᠢ ᠶᠢᠨ ᠡᠭᠦᠰᠦᠮᠡᠯ ᠤᠢ ᠶᠢᠨ ᠦᠵᠡᠮᠵᠢ ᠶᠢᠨ ᠣᠷᠣᠨ᠂ ᠵᠢᠮᠢᠰ ᠤᠨ ᠤᠢ ᠶᠢᠨ | ᠠᠵᠤ ᠠᠬᠤᠢ ᠶᠢᠨ ᠪᠦᠰᠡ᠂ ᠤᠢ ᠶᠢᠨ ᠬᠤᠭᠤᠷᠣᠨᠳᠣᠬᠢ ᠦᠵᠡᠮᠦᠷᠢ ᠶᠢᠨ ᠮᠣᠳᠣᠨ ᠬᠥᠭᠦᠷᠭᠡ ᠶᠢᠨ ᠵᠠᠮ᠂ | ᠬᠠᠰᠢᠯᠭ᠎ᠠ ᠶᠢᠨ ᠤᠷᠤᠢ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠵᠡᠷᠭᠡ ᠵᠢᠷᠭᠤᠭᠠᠨ ᠣᠷᠣᠨ ᠪᠦᠰᠡ ᠶᠢᠨ | ᠲᠣᠭᠤᠷᠢᠨ ᠳᠤ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠴᠡᠩᠭᠡᠯᠳᠦᠬᠦ︾ ᠪᠦᠬᠦ | ᠲᠠᠯ᠎ᠠ ᠶᠢᠨ ᠦᠢᠯᠡᠴᠢᠯᠡᠭᠡᠨ ᠤ ᠬᠡᠯᠬᠢᠶ᠎ᠡ ᠶᠢ ᠪᠠᠶᠢᠭᠤᠯᠵᠤ᠂ ᠲᠠᠷᠢᠶᠠᠴᠢᠨ ᠠᠶᠢᠯ ᠤᠨ ᠬᠤᠭᠤᠯᠠ ᠪᠤᠳᠠᠭ᠎ᠠ᠂ ᠤᠢ | ᠰᠢᠭᠤᠢ ᠶᠢᠨ ᠰᠡᠯᠡᠭᠦᠴᠡᠯ ᠤᠨᠤᠭ᠎ᠠ᠂ ᠤᠨᠴᠠᠯᠢᠭᠳᠤ ᠬᠡᠭᠡᠷ᠎ᠡ ᠶᠢᠨ ᠨᠣᠭᠤᠭ᠎ᠠ ᠬᠡᠭᠡᠷ᠎ᠡ ᠶᠢᠨ ᠵᠢᠮᠢᠰ ᠲᠡᠭᠦᠬᠦ ᠵᠡᠷᠭᠡ | ᠥᠪᠡᠷᠮᠢᠴᠡ ᠣᠶᠢᠯᠠᠭᠠᠯᠲᠠ ᠲᠠᠢ ᠪᠤᠯᠤᠨ᠎ᠠ᠃ | ᠮᠣᠩᠭᠤᠯ ᠶᠢᠩᠽᠢ ᠲᠣᠰᠬᠤᠨ ᠨᠢ ᠬᠠᠭᠤᠴᠢᠨ ᠬᠤᠷᠤᠭ᠎ᠠ ᠪᠠᠯᠭᠠᠰᠤ ᠳᠤ ᠪᠠᠶᠢᠷᠢᠯᠠᠵᠤ᠂ ᠬᠤᠳᠠ ᠶᠢᠨ | ᠲᠣᠭᠤᠷᠢᠭ ᠠᠴᠠ 70 ᠺᠢᠯᠤᠮᠧᠲᠷ ᠵᠠᠶᠢᠲᠠᠢ᠂ 2023 ᠣᠨ ᠳᠤ ︽ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ︾ ᠢᠶᠠᠷ ᠦᠨᠡᠯᠡᠭᠳᠡᠪᠡ᠃ ᠮᠣᠩᠭᠤᠯ ᠶᠢᠩᠽᠢ ᠲᠣᠰᠬᠤᠨ | ᠲᠤᠬᠠᠢ ᠶᠢᠨ ᠭᠠᠵᠠᠷ ᠲᠤ ᠣᠨᠴᠠ ᠪᠠᠶᠢᠳᠠᠭ ᠪᠠᠶᠢᠭᠠᠯᠢ ᠶᠢᠨ ᠡᠬᠢ ᠪᠠᠶᠠᠯᠢᠭ ᠪᠣᠯᠤᠨ ᠭᠠᠵᠠᠷ ᠣᠷᠣᠨ ᠤ | ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠬᠤᠪᠢᠯᠭᠠᠨ ᠬᠥᠨᠳᠡᠢ ᠶᠢᠨ ᠠᠮᠢ ᠠᠬᠤᠢ ᠶᠢᠨ ᠵᠤᠭᠠᠴᠠᠯ ᠤᠨ | ᠦᠵᠡᠮᠵᠢ ᠶᠢᠨ ᠣᠷᠣᠨ ᠢ ᠴᠢᠷᠮᠠᠶᠢᠨ ᠪᠠᠶᠢᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠪᠦᠲᠦᠭᠡᠭᠳᠡᠬᠦᠨ ᠤ | ᠰᠠᠭᠤᠷᠢᠨ ᠪᠣᠯᠤᠨ ᠲᠠᠷᠢᠶᠠᠴᠢᠨ ᠠᠶᠢᠯ ᠤᠨ ᠵᠤᠭᠠᠴᠠᠯ ᠢ ᠶᠡᠬᠡᠪᠡᠷ ᠬᠥᠭᠵᠢᠭᠦᠯᠵᠦ᠂ ᠬᠠᠪᠤᠷ ᠤᠨ ᠤᠯᠠᠷᠢᠯ ᠳᠤ | ᠵᠤᠭᠠᠴᠠᠬᠤ᠂ ᠵᠤᠨ ᠤ ᠤᠯᠠᠷᠢᠯ ᠳᠤ ᠵᠤᠰᠠᠬᠤ᠂ ᠨᠠᠮᠤᠷ ᠤᠨ ᠤᠯᠠᠷᠢᠯ ᠳᠤ ᠤᠯᠠᠭᠠᠨ ᠨᠠᠪᠴᠢ ᠶᠢ ᠰᠣᠨᠢᠷᠬᠠᠬᠤ | ᠵᠤᠭᠠᠴᠠᠯ ᠤᠨ ᠦᠵᠡᠮᠵᠢᠲᠦ ᠣᠷᠣᠨ ᠪᠣᠯᠤᠨ᠎ᠠ᠃ |