10 ᠰᠠᠷ᠎ᠠ ᠶᠢᠨ 7 ᠤ ᠡᠳᠦᠷ᠂ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︽ | 2023 ᠣᠨ ᠤ ᠬᠤᠲᠠ ᠶᠢᠨ ᠲᠠᠰ ᠤᠨ ᠵᠢᠮᠢᠰ ᠲᠡᠭᠦᠬᠦ ᠬᠦᠷᠢᠶᠡᠯᠡᠩ ᠢᠶᠠᠷ ᠦᠨᠡᠯᠡᠨ ᠲᠣᠭᠲᠠᠭᠠᠭᠰᠠᠨ ᠨᠡᠷᠡᠰ︾ ᠢ | ᠨᠡᠶᠢᠲᠡᠯᠡᠵᠦ᠂ ᠪᠥᠬᠦ ᠬᠤᠲᠠ ᠶᠢᠨ ᠨᠡᠶᠢᠲᠡ 10 ᠵᠢᠮᠢᠰ ᠲᠡᠭᠦᠬᠦ ᠬᠦᠷᠢᠶᠡᠯᠡᠩ ᠨᠡᠷᠡᠰ ᠤᠨ ᠵᠢᠭᠰᠠᠭᠠᠯᠲᠠ ᠳᠤ ᠤᠷᠤᠪᠠ | ᠂ ᠡᠭᠦᠨ ᠳᠤ᠂ ᠰᠦᠩᠱᠠᠨ ᠲᠣᠭᠤᠷᠢᠭ ᠤᠨ ᠬᠥ᠋ ᠶᠢᠩᠽᠢ ᠤᠪᠤᠭᠠᠨ ᠤ ᠵᠢᠮᠢᠰ ᠲᠡᠭᠦᠬᠦ ᠰᠡᠯᠡᠭᠦᠴᠡᠯ ᠤᠨ ᠬᠦᠷᠢᠶᠡᠯᠡᠩ᠂ | ᠰᠦᠩᠱᠠᠨ ᠲᠣᠭᠤᠷᠢᠭ ᠤᠨ ᠵᠠᠭᠤᠨ ᠵᠢᠮᠢᠰ ᠤᠨ ᠬᠦᠷᠢᠶᠡᠯᠡᠩ᠂ ᠰᠦᠩᠱᠠᠨ ᠲᠣᠭᠤᠷᠢᠭ ᠤᠨ ᠳ᠋ᠦᠩ ᠬᠤᠩ | ᠵᠤᠰᠠᠯᠠᠩ ᠤᠨ ᠵᠢᠮᠢᠰ ᠲᠡᠭᠦᠬᠦ ᠬᠦᠷᠢᠶᠡᠯᠡᠩ ᠭᠠᠤᠯᠢᠨ ᠲᠡᠮᠳᠡᠭᠲᠦ ᠵᠢᠮᠢᠰ ᠲᠡᠭᠦᠬᠦ ᠬᠦᠷᠢᠶᠡᠯᠡᠩ ᠢᠶᠠᠷ ᠦᠨᠡᠯᠡᠨ | ᠲᠣᠭᠳᠠᠭᠠᠭᠳᠠᠭᠰᠠᠨ ᠪᠠᠶᠢᠨ᠎ᠠ᠃ | ᠰᠦᠩᠱᠠᠨ ᠲᠣᠭᠤᠷᠢᠭ ᠤᠨ ᠭᠦ᠋ ᠶᠢᠩᠽᠢ ᠤᠪᠤᠭᠠᠨ ᠤ ᠵᠢᠮᠢᠰ ᠲᠡᠭᠦᠬᠦ ᠰᠡᠯᠡᠭᠦᠴᠡᠯ ᠤᠨ ᠬᠦᠷᠢᠶᠡᠯᠡᠩ ᠨᠢ ᠳ᠋ᠠᠢ ᠹᠦ᠋ | ᠶᠢᠩᠽᠢ ᠰᠢᠶᠠᠩ ᠤᠨ ᠭᠦ᠋ ᠵᠢᠶᠠ ᠶᠢᠩᠽᠢ ᠲᠣᠰᠬᠤᠨ ᠳᠤ ᠪᠠᠶᠢᠷᠢᠯᠠᠵᠤ᠂ 300 ᠮᠦ ᠲᠠᠯᠠᠪᠠᠢ ᠲᠠᠢ᠂ ᠭᠤᠣᠯᠳᠠᠭᠤ | ᠲᠥᠪᠡᠳ ᠬᠠᠰᠢ᠂ ᠬᠠᠯᠠᠭᠤᠨ ᠨᠤᠭᠤᠭ᠎ᠠ᠂ ᠪᠦᠭᠡᠷᠡᠩᠬᠡᠢ ᠬᠠᠯᠠᠭᠤᠨ ᠨᠤᠭᠤᠭ᠎ᠠ᠂ ᠪᠤᠷᠴᠠᠭ᠂ ᠬᠠᠰᠢ ᠵᠡᠷᠭᠡ ᠡᠯ᠎ᠡ | ᠲᠦᠷᠦᠯ ᠤᠨ ᠢᠳᠡᠰᠢᠨ ᠨᠣᠭᠤᠭ᠎ᠠ ᠲᠡᠭᠦᠬᠦ ᠪᠠᠷ ᠭᠤᠣᠯᠯᠠᠵᠤ᠂ ᠴᠢᠨᠠᠷ ᠰᠠᠶᠢᠲᠠᠢ ᠪᠦᠲᠦᠭᠡᠭᠳᠡᠬᠦᠨ ᠤ ᠶᠠᠰᠤ | ᠴᠢᠨᠠᠷ ᠢᠶᠠᠷ ᠢᠶᠠᠨ ᠬᠡᠷᠡᠭᠯᠡᠭᠴᠢᠳ ᠤᠨ ᠲᠠᠭᠠᠰᠢᠶᠠᠯ ᠢ ᠤᠯᠪᠠ᠃ ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ ᠳᠤ ᠬᠦᠴᠦᠨ ᠨᠡᠮᠡᠷᠢᠯᠡᠬᠦ — 2021 ᠣᠨ ᠤ ᠪᠦᠬᠦ ᠰᠦᠯᠵᠢᠶᠡᠨ ᠤ ᠬᠠᠮᠤᠭ ᠤᠨ ᠢᠲᠡᠭᠡᠮᠵᠢᠲᠡᠢ ︽ | ᠠᠯᠲᠠᠨ ᠮᠧᠳᠠᠯ ᠤᠨ ᠲᠥᠪᠡᠳ ᠬᠠᠰᠢ︾ ᠶᠢᠨ ᠰᠦᠯᠵᠢᠶᠡᠨ ᠤ ᠰᠢᠯᠭᠠᠷᠠᠭᠤᠯᠤᠯᠲᠠ ᠶᠢᠨ ᠤᠷᠤᠯᠳᠤᠭᠠᠨ ᠳᠤ | ᠨᠢᠭᠡᠳᠦᠭᠡᠷ ᠲᠤ ᠣᠷᠣᠪᠠ᠃ | ᠰᠦᠩᠱᠠᠨ ᠲᠣᠭᠤᠷᠢᠭ ᠤᠨ ᠵᠠᠭᠤᠨ ᠵᠢᠮᠢᠰ ᠤᠨ ᠬᠦᠷᠢᠶᠡᠯᠡᠩ ᠨᠢ ᠰᠢᠶᠠ ᠵᠢᠶᠠ ᠳ᠋ᠢᠶᠠᠨ ᠰᠢᠶᠠᠩ ᠤᠨ ᠸᠠᠩ ᠵᠢᠶᠠ | ᠳ᠋ᠢᠶᠠᠨ ᠲᠣᠰᠬᠤᠨ ᠳᠤ ᠪᠠᠶᠢᠷᠢᠯᠠᠵᠤ᠂ ᠲᠦᠷᠦᠯ ᠵᠦᠢᠯ ᠤᠨ ᠶᠡᠷᠦᠩᠬᠡᠢ ᠡᠵᠡᠯᠡᠬᠦ ᠭᠠᠵᠠᠷ ᠨᠢ 150 ᠮᠦ ᠪᠠᠶᠢᠵᠤ᠂ | ᠠᠭᠤᠯᠠ ᠤᠰᠤ ᠲᠠᠷᠢᠶᠠᠨ ᠭᠠᠵᠠᠷ ᠤᠢ ᠰᠢᠭᠤᠢ ᠶᠢᠨ ᠵᠠᠮ ᠢ ᠢᠵᠢ ᠪᠦᠷᠢᠳᠦᠭᠦᠯᠦᠨ ᠨᠡᠭᠡᠭᠡᠨ ᠬᠥᠭᠵᠢᠭᠦᠯᠬᠦ᠂ | ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ᠂ ᠵᠤᠭ᠎ᠠ ᠴᠡᠩᠭᠡᠯ ᠢ ᠶᠡᠷᠦᠩᠬᠡᠶᠢᠯᠡᠨ | ᠡᠵᠡᠩᠨᠡᠬᠦ ᠶᠢ ᠬᠡᠷᠡᠭᠵᠢᠭᠦᠯᠪᠡ᠃ ᠲᠥᠯᠥᠪᠵᠢᠭᠦᠯᠭᠡ ᠳᠤ ᠣᠶ ᠶᠢᠨ ᠵᠢᠮᠢᠰ ᠲᠡᠭᠦᠬᠦ ᠣᠷᠣᠨ᠂ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠣᠷᠣᠨ᠂ ᠵᠢᠭᠠᠰᠤ ᠭᠥᠬᠢᠳᠡᠬᠦ ᠣᠷᠣᠨ᠂ ᠢᠳᠡᠭᠡᠨ ᠤᠮᠳᠠᠭᠠᠨ ᠵᠤᠭ᠎ᠠ ᠴᠡᠩᠭᠡᠯ ᠤᠨ ᠣᠷᠣᠨ᠂ | ᠬᠦᠯᠡᠮᠵᠢ ᠶᠢᠨ ᠣᠷᠣᠨ ᠵᠢᠴᠢ ᠢᠳᠡᠰᠢᠨ ᠨᠣᠭᠤᠭ᠎ᠠ ᠳᠠᠷᠢᠬᠤ ᠣᠷᠣᠨ ᠵᠡᠷᠭᠡ ᠶᠢ ᠪᠠᠭᠲᠠᠭᠠᠨ᠎ᠠ᠃ ᠠᠯᠮᠤᠷᠠᠳ᠂ | ᠠᠭᠠᠯᠢᠭ ᠠᠯᠢᠮ᠎ᠠ᠂ ᠤᠯᠠᠭᠠᠨ ᠭᠦᠢᠯᠡᠰᠦ᠂ ᠲᠤᠭᠤᠷ ᠤᠨ ᠮᠣᠳᠣ᠂ ᠬᠦᠢᠯᠡᠰᠦᠨ ᠮᠣᠳᠣ᠂ ᠴᠢᠪᠠᠭ᠎ᠠ ᠶᠢᠨ ᠮᠣᠳᠣ᠂ | ᠦᠵᠦᠮ ᠵᠡᠷᠭᠡ ᠶᠢ 80 ᠮᠥ ᠵᠠᠶᠢᠯᠠᠵᠤ᠂ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠢ 30 ᠮᠥ᠂ ᠵᠢᠭᠠᠰᠤᠨ | ᠴᠥᠭᠦᠷᠥᠮ ᠢ 5 ᠮᠥ᠂ ᠲᠠᠷᠢᠶᠠᠴᠢᠨ ᠠᠶᠢᠯ ᠤᠨ ᠵᠤᠭᠠᠴᠠᠯ ᠤᠨ ᠬᠤᠭᠤᠯᠠᠨ ᠲᠢᠩᠬᠢᠮ ᠢ 500 ᠲᠡᠭᠰᠢ ᠳᠥᠷᠪᠡᠯᠵᠢᠨ | ᠮᠧᠲᠷ᠂ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢ ᠨᠢᠭᠡ ᠪᠠᠶᠢᠭᠤᠯᠪᠠ᠃ 2023 ᠣᠨ ᠳᠤ᠂ ︽ᠳᠤᠮᠳᠠᠳᠤ | ᠤᠯᠤᠰ ᠤᠨ ᠶᠠᠰᠤ ᠴᠢᠨᠠᠷ ᠤᠨ ᠢᠲᠡᠭᠡᠮᠵᠢ ᠶᠢᠨ AAA ᠲᠠᠰ ᠤᠨ ᠵᠢᠱᠢᠶ᠎ᠡ ᠦᠵᠡᠭᠦᠯᠬᠦ ᠬᠤᠷᠰᠢᠶ᠎ᠠ︾ ᠪᠠᠷ | ᠦᠨᠡᠯᠡᠭᠳᠡᠪᠡ᠃ | ᠰᠦᠩᠱᠠᠨ ᠲᠣᠭᠤᠷᠢᠭ ᠤᠨ ᠳ᠋ᠦᠩ ᠬᠤᠩ ᠵᠤᠰᠠᠯᠠᠩ ᠤᠨ ᠵᠢᠮᠢᠰ ᠲᠡᠭᠦᠬᠦ ᠬᠦᠷᠢᠶᠡᠯᠡᠩ ᠨᠢ ᠬᠠᠭᠤᠴᠢᠨ | ᠬᠤᠷᠤᠭ᠎ᠠ ᠪᠠᠯᠭᠠᠰᠤᠨ ᠤ ᠶᠡᠭᠡ ᠤᠯᠢᠶᠠᠰᠤᠲᠠᠢ ᠲᠣᠰᠬᠤᠨ ᠳᠤ ᠪᠠᠶᠢᠷᠢᠯᠠᠵᠤ᠂ ᠵᠢᠮᠢᠰ ᠲᠡᠭᠦᠬᠦ ᠬᠦᠷᠢᠶᠡᠯᠡᠩ ᠨᠢ 60 | ᠮᠦ ᠭᠠᠵᠠᠷ ᠢ ᠡᠵᠡᠯᠡᠵᠦ᠂ ᠭᠤᠤᠯᠳᠠᠭᠤ ᠲᠠᠬᠢᠶᠠᠨ ᠵᠢᠷᠤᠬᠡᠨ ᠵᠢᠮᠢᠰ᠂ ᠰᠢᠨ᠎ᠡ ᠤᠯᠠᠭᠠᠨ ᠠᠯᠮᠤᠷᠠᠳ᠂ ᠦᠨᠦᠷᠲᠦ | ᠵᠢᠮᠢᠰ᠂ ᠠᠯᠢᠮ᠎ᠠ᠂ 123 ᠠᠯᠮᠤᠷᠠᠳ ᠵᠡᠷᠭᠡ 10 ᠭᠠᠷᠤᠢ ᠵᠦᠢᠯ ᠤᠨ ᠰᠧᠯᠧᠨ ᠠᠭᠤᠯᠤᠭᠰᠠᠨ ᠵᠢᠮᠢᠰ ᠪᠠᠶᠢᠨ᠎ᠠ︔ | 5 ᠮᠥ ᠲᠠᠷᠢᠶᠠᠴᠢᠨ ᠠᠶᠢᠯ ᠤᠨ ᠨᠣᠭᠤᠭ᠎ᠠ ᠶᠢᠨ ᠬᠠᠰᠢᠶ᠎ᠠ ᠲᠠᠢ᠂ 1 ᠬᠦᠢᠲᠡᠨ ᠰᠠᠷᠠᠪᠴᠢ ᠲᠠᠢ᠃ ᠳ᠋ᠦᠩ ᠬᠤᠩ | ᠵᠤᠰᠠᠯᠠᠩ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠲᠠᠰ ᠤᠨ ᠬᠥᠳᠡᠭᠡ ᠲᠣᠰᠬᠤᠨ ᠤ | ᠵᠢᠭᠤᠯᠴᠢᠯᠠᠯ ᠤᠨ ᠭᠥᠯᠢᠶᠡᠨ ᠠᠪᠬᠤ ᠡᠷᠦᠬᠡ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠰᠠᠭᠤᠷᠢᠨ ᠭᠠᠵᠠᠷ︾ ︽ | ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ︾ | ᠪᠠ ︽ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ | ︾ ᠢᠶᠠᠷ ᠦᠨᠡᠯᠡᠭᠳᠡᠪᠡ᠃ |