ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠪᠠᠨ ᠰᠢᠯᠢᠳᠡᠭᠵᠢᠭᠦᠯᠵᠦ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ | ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠶᠢᠨ ᠲᠦᠯᠦᠭᠡ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠤᠭ᠎ᠠ ᠴᠡᠩᠭᠡᠯ ᠤᠨ ᠲᠠᠯᠠᠪᠤᠷ ᠭᠠᠵᠠᠷ ᠪᠠ ᠢᠨᠲ᠋ᠧᠷ ᠰᠦᠯᠵᠢᠶᠡᠨ ᠤ | ᠰᠦᠯᠵᠢᠶᠡᠨ ᠳᠤ ᠣᠷᠣᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠪᠠᠶᠢᠭᠤᠯᠬᠤ ᠶᠢ ᠬᠢᠨᠠᠨ | ᠵᠥᠪᠰᠢᠶᠡᠷᠡᠬᠦ ᠬᠤᠯᠪᠣᠭᠳᠠᠯ ᠪᠥᠬᠦᠶ ᠵᠦᠢᠯᠡᠰ ᠤᠨ ᠲᠣᠭᠲᠠᠭᠠᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠪᠠ᠂ | ᠪᠣᠳᠠᠲᠠᠶ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠰᠣᠶᠣᠯ ᠤᠨ ᠪᠠ ᠵᠤᠭᠠᠴᠠᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠲᠠᠰᠤᠷᠠᠯᠲᠠ ᠦᠭᠡᠶ | ᠴᠢᠩᠭᠠᠳᠬᠠᠨ ᠰᠠᠶᠢᠵᠢᠷᠠᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ︽ᠵᠤᠭ᠎ᠠ ᠴᠡᠩᠭᠡᠯ ᠤᠨ ᠲᠠᠯᠠᠪᠤᠷ ᠭᠠᠵᠠᠷ ᠤᠨ | ᠬᠠᠮᠢᠶᠠᠷᠤᠯᠲᠠ ᠶᠢᠨ ᠲᠦᠷᠢᠮ︾ ︽ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠣᠬᠤ ᠦᠢᠯᠡᠴᠢᠯᠡᠭᠡᠨ ᠤ | ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠲᠦᠷᠢᠮ︾ ︽ᠵᠤᠭ᠎ᠠ ᠴᠡᠩᠭᠡᠯ ᠤᠨ ᠲᠠᠯᠠᠪᠤᠷ | ᠭᠠᠵᠠᠷ ᠤᠨ ᠬᠠᠮᠢᠶᠠᠷᠤᠯᠲᠠ ᠶᠢᠨ ᠠᠷᠭ᠎ᠠ︾ ︽ᠲᠣᠭᠯᠠᠭᠠᠮ ᠤᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠷᠭ᠎ᠠ︾ | ᠪᠠ ᠬᠠᠮᠢᠶ᠎ᠠ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ | ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠷᠬᠡ ᠮᠡᠳᠡᠯ ᠤᠨ | ᠬᠡᠪᠴᠢᠶ᠎ᠡ ᠶᠣᠰᠣᠭᠠᠷ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠡᠭᠦᠷᠭᠡ ᠶᠢ | ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠲᠣᠰ ᠲᠣᠭᠲᠠᠭᠠᠯ ᠢ ᠲᠣᠭᠲᠠᠭᠠᠪᠠ᠃ |