ᠰᠦᠩᠱᠠᠨ ᠲᠣᠭᠤᠷᠢᠭ ︽ᠡᠯᠪᠡᠭ ᠬᠤᠷᠢᠶᠠᠯᠲᠠ ᠶᠢ ᠪᠡᠯᠭᠡᠯᠡᠬᠦ · ᠮᠥᠰᠥ ᠴᠠᠰᠤ ᠶᠢ ᠤᠭᠲᠤᠬᠤ︾ ᠪᠡᠶ᠎ᠡ ᠴᠢᠭᠢᠷᠠᠭᠵᠢᠭᠤᠯᠬᠤ ᠲᠠᠮᠢᠷ ᠤᠨ ᠪᠥᠵᠢᠭ ᠤᠨ ᠦᠵᠡᠭᠦᠯᠦᠯᠭᠡ ᠶᠢᠨ ᠲᠣᠭᠯᠠᠯᠲᠠ ᠶᠠᠪᠤᠭᠤᠯᠪᠠ
ᠨᠡᠶᠢᠲᠡᠯᠡᠭᠰᠡᠨ ᠴᠠᠭ᠄
2023/10/19
     ᠣᠶᠢᠷ᠎ᠠ ᠳᠤ᠂ ᠰᠦᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︽ᠡᠯᠪᠡᠭ ᠬᠤᠷᠢᠶᠠᠯᠲᠠ ᠶᠢ ᠪᠡᠯᠭᠡᠯᠡᠬᠦ · ᠮᠥᠰᠥ ᠴᠠᠰᠤ ᠶᠢ ᠤᠭᠲᠤᠬᠤ︾ ᠪᠡᠶ᠎ᠡ ᠴᠢᠭᠢᠷᠠᠭᠵᠢᠭᠤᠯᠬᠤ ᠲᠠᠮᠢᠷ ᠤᠨ ᠪᠥᠵᠢᠭ ᠤᠨ ᠦᠵᠡᠭᠦᠯᠦᠯᠭᠡ ᠶᠢᠨ ᠲᠣᠭᠯᠠᠯᠲᠠ ᠡᠷᠭᠢᠯᠡᠪᠡ᠃    ᠬᠥᠳᠡᠯᠭᠡᠭᠡᠨ ᠨᠢ ᠬᠠᠮᠲᠤ ᠶᠢᠨ ᠪᠡᠶ᠎ᠡ ᠶᠢᠨ ᠲᠠᠮᠢᠷ ᠤᠨ ᠪᠥᠵᠢᠭ ︽ᠬᠥᠮᠦᠨ ᠤ ᠠᠮᠢᠳᠤᠷᠠᠯ ᠰᠠᠶᠢᠬᠠᠨ︾ ᠳᠤ ᠬᠥᠰᠢᠭᠡ ᠪᠠᠨ ᠰᠡᠬᠦᠪᠡ᠃ ︽ᠪᠤᠶᠠᠨ ᠮᠠᠨ ᠤ ᠳᠤ ᠢᠷᠡᠪᠡ︾᠂ ︽ᠬᠥᠮᠦᠨ ᠤ ᠶᠢᠷᠲᠢᠨᠴᠦ ᠶᠢᠨ ᠬᠠᠮᠤᠭ ᠤᠨ ᠰᠠᠶᠢᠬᠠᠨ︾᠂ ︽ᠮᠠᠷᠲᠠᠭᠳᠠᠰᠢ ᠦᠭᠡᠢ ᠲᠠᠯ᠎ᠠ ᠨᠤᠲᠤᠭ︾ ᠵᠡᠷᠭᠡ ᠲᠣᠭᠯᠠᠯᠲᠠ ᠨᠢ ᠤᠯᠠᠨ ᠲᠦᠮᠡᠨ ᠳᠤ ᠨᠢᠭᠡ ᠤᠳᠠᠭᠠᠨ ᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠠᠪᠴᠢᠷᠠᠵᠤ ᠦᠭᠪᠡ᠃ ᠪᠠᠶᠠᠷ ᠪᠠᠶᠠᠰᠬᠤᠯᠠᠩᠲᠤ ᠠᠶᠠᠰ ᠢ ᠳᠠᠭᠠᠯᠳᠤᠨ ᠪᠥᠵᠢᠭᠯᠡᠭᠴᠢᠳ ᠣᠷᠭᠢᠯᠤᠮ᠎ᠠ ᠬᠠᠯᠠᠭᠤᠨ ᠰᠡᠳᠬᠢᠯᠭᠡ᠂ ᠭᠤᠶᠢᠳᠠ ᠰᠠᠶᠢᠬᠠᠨ ᠪᠥᠵᠢᠭ ᠤᠨ ᠳᠦᠷᠢ ᠪᠠᠷ ᠦᠵᠡᠭᠴᠢᠳ ᠲᠤ ᠪᠦᠯᠬᠦᠮ ᠤᠨ ᠥᠪᠡᠷᠮᠢᠴᠡ ᠴᠤᠭ ᠵᠢᠪᠬᠤᠭ᠎ᠠ ᠪᠠ ᠢᠳᠡᠪᠬᠢᠲᠡᠶ ᠪᠠᠶᠠᠰᠤᠩᠭᠤᠶ ᠠᠮᠢᠳᠤᠷᠠᠯ ᠤᠨ ᠣᠪᠣᠷ ᠢ ᠳᠡᠯᠭᠡᠨ ᠦᠵᠡᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 14 ᠲᠥᠯᠥᠭᠡᠯᠡᠭᠴᠢᠳ ᠤᠨ ᠠᠩᠭᠢ ᠶᠢᠨ 500 ᠭᠠᠷᠤᠶ ᠬᠥᠮᠦᠨ ᠤᠷᠤᠯᠴᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号