ᠰᠦᠩᠱᠠᠨ ᠲᠣᠭᠤᠷᠢᠭ 1800 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠦᠷᠭᠡ ᠶᠢ ᠭᠤᠷᠪᠠ ᠶᠢ ᠥᠭᠡᠷᠡᠴᠢᠯᠡᠨ ᠪᠠᠶᠢᠭᠤᠯᠵᠤ ᠲᠠᠪᠤ ᠶᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2023/10/19
     ᠡᠨᠡ ᠵᠢᠯ᠂ ᠰᠦᠩᠱᠠᠨ ᠲᠣᠭᠤᠷᠢᠭ 669 ᠲᠦᠮᠡᠨ ᠲᠥᠭᠦᠷᠢᠭ ᠤᠨ ᠪᠠᠯᠠ ᠣᠷᠣᠭᠤᠯᠵᠤ ᠬᠥᠳᠡᠭᠡ ᠲᠣᠰᠬᠤᠨ ᠤ ᠵᠠᠰᠠᠮᠠᠯ ᠵᠠᠮ ᠤᠨ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠬᠦ 3 ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠂ ᠡᠭᠦᠨ ᠳᠤ ᠨᠢᠶᠠᠩ ᠨᠢᠶᠠᠩ ᠮᠢᠶᠤᠤ ᠨᠤᠷᠠᠬᠤ ᠠᠶᠤᠯᠲᠠᠶ ᠬᠥᠭᠦᠷᠭᠡ᠂ ᠳ᠋ᠠ ᠨᠢᠶᠠᠨ ᠽᠢ ᠪᠠᠷᠠᠭᠤᠨ ᠬᠥᠭᠦᠷᠭᠡ ᠶᠢᠨ ᠨᠤᠷᠠᠬᠤ ᠠᠶᠤᠯᠲᠠᠶ ᠬᠥᠭᠦᠷᠭᠡ᠂ ᠰᠦᠩᠱᠠᠨ ᠲᠣᠭᠤᠷᠢᠭ ᠤᠨ X189 ᠱᠤᠭᠤᠮ ᠤᠨ ᠳ᠋ᠠ ᠬᠤ᠋ ᠲᠠᠢ 1 ᠳ᠋ᠦ᠋ᠭᠡᠷ ᠨᠣᠮᠧᠷᠲᠤ ᠬᠥᠭᠦᠷᠭᠡ ᠶᠢᠨ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠬᠦ ᠢᠨᠵᠧᠨᠧᠷᠢᠩ ᠪᠠᠭᠲᠠᠨ᠎ᠠ︔ 1173 ᠲᠦᠮᠡᠨ ᠲᠥᠭᠦᠷᠢᠭ ᠤᠨ ᠪᠡᠯᠡ ᠣᠷᠣᠭᠤᠯᠵᠤ 5 ᠰᠠᠭᠤᠷᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠦᠷᠭᠡ ᠶᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ᠂ ᠡᠭᠦᠨ ᠳᠤ ᠾᠧᠢ ᠭᠧᠤ ᠮᠧᠨ ᠬᠥᠭᠦᠷᠭᠡ᠂ ᠪᠠᠶᠠᠨᠬᠤᠰᠢᠭᠤ ᠬᠥᠭᠦᠷᠭᠡ᠂ ᠪᠧᠶ ᠰᠢᠨ ᠵᠢᠩ ᠬᠥᠭᠦᠷᠭᠡ᠂ ᠯᠢ ᠵᠢᠶᠠ ᠶᠢᠩᠽᠢ ᠬᠥᠭᠦᠷᠭᠡ᠂ ᠱᠤᠤ ᠵᠢᠶᠠ ᠶᠢᠩᠽᠢ ᠬᠥᠭᠦᠷᠭᠡ ᠶᠢ ᠪᠠᠭᠲᠠᠭᠠᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号