10 ᠰᠠᠷ᠎ᠠ ᠶᠢᠨ 17 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠭᠤᠷᠪᠠᠳᠤᠭᠠᠷ ᠪᠦᠯᠦᠭ ᠤᠨ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠰᠢᠶᠠᠨ ︵ᠬᠤᠲᠠ︶ ᠤ ᠨᠡᠷᠡᠰ ᠢ | ᠨᠡᠶᠢᠲᠡᠯᠡᠵᠦ᠂ ᠪᠡᠭᠡᠵᠢᠩ ᠬᠤᠲᠠ ᠶᠢᠨ ᠶᠠᠨ ᠴᠢᠩ ᠲᠣᠭᠤᠷᠢᠭ ᠵᠡᠷᠭᠡ 86 ᠰᠢᠶᠠᠨ᠂ ᠾᠧᠪᠸᠢ ᠶᠢᠨ ᠯᠠᠩᠹᠠᠩ | ᠬᠤᠲᠠ ᠵᠡᠷᠭᠡ 9 ᠬᠤᠲᠠ ᠶᠢ ᠭᠤᠷᠪᠠᠳᠤᠭᠠᠷ ᠪᠦᠯᠦᠭ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠶᠤᠯᠭᠦᠶ ᠰᠢᠶᠠᠨ ︵ᠬᠤᠲᠠ︶ ᠭᠡᠵᠦ ᠨᠡᠷᠡᠶᠢᠳᠬᠦ ᠪᠠᠷ ᠲᠣᠭᠲᠠᠭᠠᠪᠠ᠃ | ᠣᠶᠢᠯᠠᠭᠠᠭᠰᠠᠨ ᠢᠶᠠᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ 2021 ᠣᠨ ᠠᠴᠠ ᠡᠬᠢᠯᠡᠨ ᠭᠤᠷᠪᠠᠳᠤᠭᠠᠷ | ᠪᠦᠯᠦᠭ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ︵ | ᠬᠤᠲᠠ︶ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ︽ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠰᠢᠶᠠᠨ ᠢ ᠡᠭᠦᠳᠦᠨ ᠪᠠᠶᠢᠭᠤᠯᠬᠤ | ᠠᠵᠢᠯᠯᠠᠭ᠎ᠠ ᠶᠢᠨ ᠲᠥᠰᠦᠯ︾ ᠪᠠ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠶᠤᠯᠭᠦᠶ ᠶᠢᠨ ᠰᠢᠶᠠᠨ ᠢ ᠬᠢᠨᠠᠨ ᠰᠢᠯᠭᠠᠬᠤ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠭᠠᠰᠢ᠂ ᠡᠯ᠎ᠡ ᠡᠭᠦᠳᠦᠨ ᠪᠠᠶᠢᠭᠤᠯᠬᠤ ᠨᠢᠭᠡᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠠᠵᠢᠯ ᠢᠯᠡᠳᠲᠡ | ᠦᠷ᠎ᠡ ᠪᠦᠲᠦᠮᠵᠢ ᠤᠯᠪᠠ᠃ ᠰᠢᠶᠠᠨ ᠬᠤᠳᠠ ᠶᠢᠨ ᠬᠢᠨ ᠥᠪᠡᠰᠦᠪᠡᠨ ᠦᠨᠡᠯᠡᠬᠦ᠂ ᠮᠤᠵᠢ ᠶᠢᠨ ᠲᠡᠰ ᠤᠨ ᠬᠢᠨᠠᠨ | ᠰᠢᠯᠭᠠᠬᠤ᠂ ᠶᠠᠮᠤᠨ ᠤ ᠲᠡᠰ ᠤᠨ ᠳᠠᠬᠢᠨ ᠬᠢᠨᠠᠯᠲᠠ ᠪᠠᠷ ᠳᠠᠮᠵᠢᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ | ᠭᠤᠷᠪᠠᠳᠤᠭᠠᠷ ᠪᠦᠯᠦᠭ ᠤᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠰᠢᠶᠠᠨ ︵ᠬᠤᠳᠠ︶ ᠤ ᠨᠡᠷᠡᠰ ᠢ 95 ᠲᠣᠭᠲᠠᠭᠠᠪᠠ᠃ ᠡᠭᠦᠨ ᠤ ᠳᠣᠲᠣᠷ᠎ᠠ ᠰᠦᠩᠱᠠᠨ ᠲᠣᠭᠤᠷᠢᠭ | ᠵᠢᠭᠰᠠᠭᠠᠯᠲᠠ ᠳᠤ ᠤᠷᠤᠭᠰᠠᠨ ᠪᠠᠶᠢᠨ᠎ᠠ᠃ |