10 ᠰᠠᠷ᠎ᠠ ᠶᠢᠨ 17 ᠤ ᠡᠳᠦᠷ᠂ ᠰᠦᠩᠱᠠᠨ ᠲᠣᠭᠤᠷᠢᠭ 2023 ᠣᠨ ᠤ ᠠᠵᠤ ᠦᠢᠯᠡᠳᠪᠦᠷᠢ ᠶᠢᠨ | ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠨ ᠦᠵᠡᠵᠦ ᠳᠠᠪᠲᠠᠨ ᠪᠣᠯᠪᠠᠰᠤᠷᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠦᠭᠰᠡᠨ ᠪᠥᠭᠡᠳ ᠳ᠋ᠦᠩᠨᠡᠯᠲᠡ ᠶᠢᠨ ᠶᠡᠭᠡ ᠬᠤᠷᠠᠯ ᠬᠢᠪᠡ᠃ ᠰᠦᠩᠱᠠᠨ ᠲᠣᠭᠤᠷᠢᠭ ᠤᠨ | ᠨᠠᠮ ᠤᠨ ᠬᠤᠷᠢᠶ᠎ᠠ ᠶᠢᠨ ᠱᠦᠵᠢ ᠵᠢᠶᠠᠩ ᠼᠦᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠱᠦᠨ ᠵᠡᠷᠭᠡ ᠭᠠᠵᠠᠷ ᠤᠨ | ᠲᠡᠰ ᠤᠨ ᠤᠳᠤᠷᠢᠳᠤᠯᠭ᠎ᠠ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠪᠣᠯᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ ᠵᠢᠴᠢ ᠠᠷᠠᠳᠴᠢᠯᠠᠭᠰᠠᠨ ᠨᠠᠮ ᠪᠦᠯᠦᠭ᠂ ᠰᠡᠬᠡᠭᠡᠲᠡᠳ ᠤᠨ ᠬᠤᠯᠪᠣᠭᠠᠲᠤ ᠬᠤᠷᠠᠯ᠂ | ᠰᠢᠨ᠎ᠡ ᠬᠤᠯᠪᠣᠭᠠᠲᠤ ᠬᠤᠷᠠᠯ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠬᠤᠷᠠᠯ ᠵᠡᠷᠭᠡ ᠨᠠᠮ ᠤᠨ | ᠭᠠᠳᠠᠨᠠᠬᠢ ᠬᠥᠮᠦᠰ ᠲᠣᠭᠤᠷᠢᠨ ᠦᠵᠡᠬᠦ ᠪᠠ ᠬᠤᠷᠠᠯ ᠳᠤ ᠣᠷᠣᠯᠴᠠᠪᠠ᠃ | ᠬᠤᠷᠠᠯ ᠳᠤ ᠣᠷᠣᠯᠴᠠᠭᠰᠠᠳ ᠤᠷᠢᠳ ᠬᠤᠵᠢᠳ ᠰᠦᠩᠱᠠᠨ ᠤ ᠮᠡᠳᠡᠭᠡ ᠵᠠᠩᠭᠢ ᠶᠢᠨ ᠲᠤᠭᠠᠴᠢᠯᠠᠭᠰᠠᠨ | ᠡᠭᠦᠳᠦᠯᠲᠡ ᠶᠢᠨ ᠠᠵᠤ ᠦᠢᠯᠡᠰ ᠤᠨ ᠬᠦᠷᠢᠶᠡᠯᠡᠩ᠂ ᠰᠦᠩᠱᠠᠨ ᠤ ᠠᠵᠤ ᠦᠢᠯᠡᠳᠪᠦᠷᠢ ᠶᠢᠨ ᠬᠦᠷᠢᠶᠡᠯᠡᠩ᠂ ᠰᠢᠶᠠ | ᠵᠢᠶᠠ ᠳ᠋ᠢᠶᠠᠨ ᠤ ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠰ ᠪᠤᠰᠬᠠᠬᠤ ᠬᠦᠷᠢᠶᠡᠯᠡᠩ ᠳᠤ ᠬᠦᠷᠴᠦ᠂ ᠪᠦᠬᠦ | ᠲᠣᠭᠤᠷᠢᠭ ᠤᠨ 20 ᠭᠠᠷᠤᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ ᠰᠠᠭᠤᠷᠢ ᠲᠥᠬᠦᠭᠡᠷᠦᠮᠵᠢ ᠶᠢᠨ | ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠵᠢᠶᠠᠩ ᠼᠦᠩ᠂ ᠵᠦᠩ ᠴᠢᠩ ᠰᠦᠩ | ᠵᠡᠷᠭᠡ ᠤᠳᠤᠷᠢᠳᠤᠯᠭ᠎ᠠ ᠲᠣᠭᠤᠷᠢᠨ ᠦᠵᠡᠬᠦ ᠶᠢᠨ ᠳᠠᠭᠠᠤ ᠤᠯᠠᠨ ᠲᠠᠢ ᠰᠠᠨᠠᠯ ᠢᠶᠠᠨ ᠰᠣᠯᠢᠯᠴᠠᠬᠤ ᠶᠢᠨ ᠬᠠᠮᠲᠤ | ᠲᠦᠷᠦᠯ ᠵᠦᠢᠯ ᠳᠤ ᠲᠤᠬᠠᠢ ᠶᠢᠨ ᠭᠠᠵᠠᠷ ᠤᠨ ᠦᠨᠡᠯᠡᠯᠲᠡ ᠬᠢᠪᠡ᠃ | ᠲᠤᠰ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ 2023 ᠣᠨ ᠤ ᠠᠵᠤ ᠦᠢᠯᠡᠳᠪᠦᠷᠢ ᠶᠢᠨ | ᠭᠤᠣᠯᠳᠠᠯᠭ᠎ᠠ ᠲᠠᠢ ᠲᠦᠷᠦᠯ ᠵᠦᠢᠯ ᠤᠨ ᠦᠵᠡᠭᠦᠯᠦᠯᠭᠡ ᠶᠢᠨ ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠭᠤᠯᠪᠠ᠃ | ᠵᠢᠶᠠᠩ ᠼᠦᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠵᠥᠩ ᠴᠢᠩ ᠰᠥᠩ ᠲᠠᠷᠠᠭᠠᠴᠢ ᠶᠢᠨ ᠠᠯᠬᠤᠮ ᠤᠨ | ᠠᠵᠢᠯ ᠢᠶᠠᠨ ᠰᠠᠶᠢᠲᠤᠷ ᠬᠢᠬᠦ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠵᠦ᠂ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠠᠨ ᠶᠦᠩ ᠬᠤᠷᠠᠯ ᠡᠷᠭᠢᠯᠡᠪᠡ᠃ | ᠲᠣᠭᠤᠷᠢᠭ ᠤᠨ ᠤᠳᠤᠷᠢᠳᠤᠯᠭ᠎ᠠ ᠯᠢᠶᠠᠩ ᠮᠢᠩ ᠽᠧ᠂ ᠵᠢᠶᠠᠩ ᠴᠠᠩ ᠬᠤᠢ᠂ ᠶᠠᠩ ᠸᠧᠨ ᠳ᠋ᠦᠩ ᠲᠤᠰ ᠲᠤᠰ | ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠬᠥᠭᠵᠢᠯᠲᠡ᠂ 2023 ᠣᠨ ᠤ ᠭᠤᠣᠯᠳᠠᠯᠭ᠎ᠠ ᠲᠠᠢ | ᠲᠦᠷᠦᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠵᠢᠴᠢ 2024 ᠣᠨ ᠤ ᠭᠤᠣᠯᠳᠠᠯᠭ᠎ᠠ ᠲᠠᠢ ᠲᠦᠷᠦᠯ | ᠵᠦᠢᠯ ᠤᠨ ᠲᠥᠯᠥᠪᠵᠢᠭᠦᠯᠭᠡ᠂ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠠᠵᠢᠯ ᠢ ᠵᠠᠷᠯᠠᠨ | ᠮᠡᠳᠡᠭᠳᠡᠭᠰᠡᠨ ᠪᠠ ᠲᠤᠬᠢᠷᠠᠭᠤᠯᠤᠨ ᠪᠠᠶᠢᠷᠢᠯᠠᠭᠤᠯᠪᠠ᠃ | ᠱᠠᠨᠳᠦ᠋ᠩ ᠤᠨ ᠬᠤᠸᠠᠩ ᠶᠢᠨ ᠴᠠᠢ ᠬᠤ᠋ ᠯᠠᠨ ᠽᠢ ᠠᠯᠲᠠᠨ ᠤ ᠠᠭᠤᠷᠬᠠᠢ᠂ ᠵᠦᠩ ᠭᠠᠩ ᠶᠢᠨ ᠰᠢᠨ᠂ ᠲᠢᠶᠠᠨ | ᠹᠧᠩ ᠺᠢᠨᠣ᠋ ᠶᠢᠨ ᠦᠢᠯᠡᠰ᠂ ᠺᠠᠩ ᠰᠢᠶᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯᠲᠠᠨ ᠤ | ᠲᠥᠯᠥᠭᠡᠯᠡᠭᠴᠢ ᠲᠤᠰ ᠲᠤᠰ ᠶᠠᠷᠢᠶ᠎ᠠ ᠲᠠᠯᠪᠢᠵᠤ᠂ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠤᠪᠴᠢᠶ᠎ᠠ᠂ | ᠮᠥᠩᠭᠦᠨ ᠭᠦᠢᠯᠭᠡᠭᠡ ᠪᠠ ᠪᠡᠯᠡ ᠣᠷᠣᠭᠤᠯᠤᠯᠲᠠ ᠶᠢ ᠠᠬᠢᠭᠤᠯᠬᠤ ᠲᠤᠪᠴᠢᠶ᠎ᠠ᠂ ᠠᠩᠴᠢᠨ ᠤ ᠬᠦᠷᠢᠶᠡᠯᠡᠩ | ᠲᠣᠭᠤᠷᠢᠭ ᠤᠨ ᠠᠯᠪᠠᠨ ᠭᠡᠷ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ | ᠲᠣᠭᠤᠷᠢᠭ ᠤᠨ ᠠᠯᠪᠠᠨ ᠭᠡᠷ ᠬᠤᠯᠪᠣᠭᠳᠠᠯ ᠪᠦᠬᠦᠢ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ | ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ | ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ |