10 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠬᠤᠶᠢᠴᠢ ᠦᠶ᠎ᠡ ᠶᠢ ᠬᠠᠯᠠᠮᠵᠢᠯᠠᠬᠤ | ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠯᠢ ᠽᠢ ᠰᠢᠤᠸᠠᠢ ᠪᠠᠶᠢᠴᠠᠭᠠᠨ | ᠰᠤᠳᠤᠯᠬᠤ ᠳᠤᠭᠤᠶᠢᠯᠠᠩ ᠢ ᠳᠠᠭᠠᠭᠤᠯᠤᠨ ᠰᠦᠩᠱᠠᠨ ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠵᠦ | ᠠᠵᠢᠯ ᠵᠢᠯᠣᠭᠤᠳᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠶᠠᠨ ᠶᠦᠩ᠂ | ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ | ᠡᠷᠬᠢᠯᠡᠭᠴᠢ ᠯᠢᠦ ᠶᠤᠸᠠᠢ ᠶᠢᠨ ᠨᠡᠷ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠲᠣᠭᠤᠷᠢᠭ ᠤᠨ ᠬᠤᠶᠢᠴᠢ ᠦᠶ᠎ᠡ ᠶᠢ | ᠬᠠᠯᠠᠮᠵᠢᠯᠠᠬᠤ ᠠᠵᠢᠯ ᠤᠨ ᠵᠥᠪᠯᠡᠯ᠂ ᠰᠢᠶᠠᠩ ᠶᠠᠩ ᠵᠡᠭᠡᠯᠢ ᠭᠤᠳᠤᠮᠵᠢ ᠶᠢᠨ ᠮᠦ ᠭᠧ ᠨᠡᠶᠢᠭᠡᠮ | ᠲᠣᠭᠤᠷᠢᠭ᠂ ᠬᠢᠩᠭᠠᠨ ᠵᠡᠭᠡᠯᠢ ᠭᠤᠳᠤᠮᠵᠢ ᠶᠢᠨ ᠯᠢᠨ ᠬᠤᠸᠠᠩ ᠵᠢᠶᠠ ᠶᠤᠸᠠᠨ ᠨᠡᠶᠢᠭᠡᠮ ᠲᠣᠭᠤᠷᠢᠭ᠂ ᠢᠦᠢ ᠯᠦᠩ | ᠵᠡᠭᠡᠯᠢ ᠭᠤᠳᠤᠮᠵᠢ ᠶᠢᠨ ᠬᠤᠸᠠ ᠹᠦ᠋ ᠱᠠᠩ ᠴᠧᠩ ᠨᠡᠶᠢᠭᠡᠮ ᠲᠣᠭᠤᠷᠢᠭ ᠲᠤ ᠬᠦᠷᠴᠦ᠂ ᠬᠠᠷᠢᠭᠤ ᠮᠡᠳᠡᠭᠦᠯᠦᠯᠲᠡ ᠶᠢ | ᠰᠣᠨᠣᠰᠬᠤ ᠪᠠ ᠪᠣᠳᠠᠲᠠᠶ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠶᠢᠴᠢ | ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ | ᠰᠠᠭᠤᠷᠢ ᠲᠥᠬᠦᠭᠡᠷᠦᠮᠵᠢ᠂ ᠵᠢᠭᠰᠠᠭᠠᠯ ᠤᠨ ᠭᠠᠵᠠᠷ ︵ᠠᠴᠢᠶᠠᠯᠠᠪᠤᠷᠢ︶ ᠤᠨ ᠪᠦᠲᠦᠭᠡᠨ ᠪᠠᠶᠢᠭᠤᠯᠤᠯᠲᠠ᠂ ᠭᠤᠣᠯ | ᠰᠡᠳᠦᠪᠲᠦ ᠠᠵᠢᠯᠯᠠᠭ᠎ᠠ ᠶᠢ ᠥᠷᠨᠢᠭᠦᠯᠦᠭᠰᠡᠨ᠂ ︽ᠲᠠᠪᠤᠨ ᠠᠬᠠᠮᠠᠳ︾ ᠤᠨ ᠡᠩᠨᠡᠭᠡ ᠶᠢᠨ ᠪᠠᠶᠢᠭᠤᠯᠤᠯᠲᠠ ᠵᠢᠴᠢ | ᠦᠢᠯᠡᠳᠦᠯ ᠢ ᠪᠠᠳᠠᠷᠠᠭᠤᠯᠤᠭᠰᠠᠨ᠂ ᠲᠦᠷᠢᠮ ᠤᠨ ᠪᠠᠶᠢᠭᠤᠯᠤᠯᠲᠠ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ | ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠴᠢᠩᠭᠠᠳᠬᠠᠬᠤ ᠲᠤᠬᠠᠢ ᠰᠠᠨᠠᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠥᠪᠡᠷᠲᠡᠭᠡᠨ ᠵᠠᠰᠠᠬᠤ ᠣᠷᠣᠨ ᠤ ︽ᠲᠠᠪᠤᠨ ᠰᠠᠶᠢᠨᠲᠠᠶ︾ ᠬᠤᠰᠢᠭᠤ | ᠰᠢᠶᠠᠨ ︵ᠬᠤᠳᠠ᠂ ᠲᠣᠭᠤᠷᠢᠭ︶ ᠤ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠢ | ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠭᠤᠣᠯᠳᠠᠯᠭ᠎ᠠ ᠲᠠᠢ ᠪᠠᠶᠢᠴᠠᠭᠠᠨ | ᠰᠤᠳᠤᠯᠤᠯᠲᠠ ᠦᠷᠨᠢᠭᠦᠯᠪᠡ᠃ | ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ | ᠵᠥᠪᠯᠡᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠤᠨᠤᠰᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠦᠩᠱᠠᠨ ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠠᠬᠤ | ᠠᠵᠢᠯ ᠤᠨ ᠵᠥᠪᠯᠡᠯ ᠤᠨ ᠠᠵᠢᠯ ᠤᠨ ᠠᠮᠵᠢᠯᠲᠠ ᠶᠢ ᠨᠤᠲᠠᠯᠠᠪᠠ᠃ ᠪᠠᠶᠢᠴᠠᠭᠠᠨ ᠰᠤᠳᠤᠯᠬᠤ | ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠴᠢᠩᠭᠠᠳᠬᠠᠬᠤ ᠲᠤᠬᠠᠢ ᠰᠠᠨᠠᠯ︾ ᠢ ᠨᠠᠷᠢᠨ ᠬᠢᠨᠠᠮᠠᠭᠠᠢ ᠰᠤᠷᠤᠯᠴᠠᠨ | ᠲᠤᠤᠱᠯᠠᠭᠤᠯᠵᠤ᠂ ᠲᠡᠭᠦᠨ ᠤ ᠭᠤᠣᠯᠯᠠᠭᠴᠢ ᠦᠵᠡᠯ ᠰᠠᠨᠠᠭ᠎ᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ | ᠣᠶᠢᠯᠠᠭᠠᠬᠤ ᠶᠢᠨ ᠬᠠᠮᠲᠤ ᠲᠤᠰ ᠭᠠᠵᠠᠷ ᠤᠨ ᠣᠨᠴᠠᠯᠢᠭ ᠲᠠᠢ ᠪᠠᠨ ᠤᠶᠠᠯᠳᠤᠭᠤᠯᠵᠤ᠂ ᠥᠪᠡᠷᠮᠢᠴᠡ ᠣᠨᠴᠠᠯᠢᠭ ᠲᠠᠢ | ᠠᠵᠢᠯ ᠤᠨ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ︽ᠲᠠᠪᠤᠨ ᠰᠠᠶᠢᠨᠲᠠᠶ︾ | ᠬᠤᠰᠢᠭᠤ ᠰᠢᠶᠠᠨ ᠲᠣᠭᠤᠷᠢᠭ ᠤᠨ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠶᠢ | ᠡᠭᠦᠳᠦᠨ ᠪᠠᠶᠢᠭᠤᠯᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ | ᠵᠥᠪᠯᠡᠯ ᠤᠨ ᠭᠤᠤᠯ ᠴᠣᠭᠴᠠ ᠶᠢᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠂ ︽ | ᠲᠠᠪᠤᠨ ᠠᠬᠠᠮᠠᠳ︾ ᠢ ᠢᠳᠡᠪᠬᠢᠲᠡᠶ ᠳᠠᠶᠢᠴᠢᠯᠠᠨ ᠣᠷᠣᠯᠴᠠᠭᠤᠯᠵᠤ᠂ ᠠᠵᠢᠯ ᠤᠨ ᠵᠢᠷᠤᠮᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠶᠠᠰᠤ | ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠶ᠃ ᠬᠤᠶᠢᠴᠢ ᠦᠶ᠎ᠡ ᠶᠢ | ᠬᠠᠯᠠᠮᠵᠢᠯᠠᠬᠤ ᠠᠵᠢᠯ ᠤᠨ ᠵᠥᠪᠯᠡᠯ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ ᠪᠦᠷᠢᠯᠳᠦᠬᠦᠨ ᠨᠢᠭᠡᠴᠢ ᠪᠣᠯᠤᠨ ︽ | ᠲᠠᠪᠤᠨ ᠠᠬᠠᠮᠠᠳ︾ ᠤᠨ ᠬᠦᠴᠦᠨ ᠢ ᠨᠢᠭᠲᠠᠷᠠᠭᠤᠯᠵᠤ᠂ ᠴᠢᠳᠠᠯ ᠤᠨ ᠬᠢᠷᠢ ᠪᠠᠷ ᠢᠶᠠᠨ ᠵᠠᠯᠠᠭᠤᠴᠤᠳ | ᠪᠠᠭᠠᠴᠤᠳ ᠲᠤ ᠪᠣᠳᠠᠲᠠᠶ ᠠᠵᠢᠯ ᠬᠢᠵᠦ᠂ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠬᠤᠶᠢᠴᠢ ᠦᠶ᠎ᠡ ᠶᠢ | ᠬᠠᠯᠠᠮᠵᠢᠯᠠᠬᠤ ᠠᠵᠢᠯ ᠤᠨ ᠵᠥᠪᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠶ ᠳᠤ | ᠨᠠᠶᠢᠳᠠᠪᠤᠷᠢᠵᠢᠭᠤᠯᠬᠤ ᠬᠡᠷᠡᠭᠲᠡᠶ᠃ |