ᠰᠦᠩᠱᠠᠨ ᠲᠣᠭᠤᠷᠢᠭ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/27
     10 ᠰᠠᠷ᠎ᠠ ᠶᠢᠨ 25 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠶᠠᠨ ᠶᠦᠩ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠨᠡᠯᠡᠯᠲᠡ ᠶᠢᠨ ᠰᠢᠰᠲ᠋ᠧᠮ ᠤᠨ 21 ᠭᠦᠢᠴᠡᠳᠬᠡᠯ ᠲᠤᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠲᠠᠰ ᠳᠠᠷᠠᠭᠠᠯᠠᠨ ᠬᠠᠷᠢᠭᠤ ᠮᠡᠳᠡᠭᠦᠯᠦᠯᠲᠡ ᠬᠢᠪᠠ︔ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ︽2023 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠯᠠᠪᠯᠠᠯᠲᠠ ᠶᠢᠨ ᠨᠠᠷᠢᠨ ᠲᠦᠷᠢᠮ︾ ᠳᠤ ᠨᠠᠷᠢᠨ ᠲᠠᠶᠢᠯᠤᠮᠵᠢ ᠬᠢᠪᠠ︔ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠦᠢᠴᠡᠳᠬᠡᠯ ᠲᠤᠭ᠎ᠠ ᠪᠠᠷ ᠵᠢᠱᠢᠶ᠎ᠡ ᠪᠣᠯᠭᠠᠨ ᠪᠣᠳᠠᠲᠠᠶ ᠲᠠᠶᠢᠯᠤᠮᠵᠢ ᠬᠢᠪᠠ︔ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠵᠢᠯ ᠤᠨ ᠲᠠᠯ᠎ᠠ ᠪᠠᠷ ᠲᠣᠬᠢᠷᠠᠭᠤᠯᠤᠯᠲᠠ ᠬᠢᠪᠡ᠃    ᠴᠧᠨ ᠶᠠᠨ ᠶᠦᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠵᠦ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠰᠢᠰᠲ᠋ᠧᠮ ᠲᠠᠢ ᠬᠠᠷᠭᠤᠭᠤᠯᠵᠤ᠂ ᠲᠡᠷᠢᠭᠦᠨ ᠤ ᠲᠦᠪᠰᠢᠨ ᠪᠣᠯᠤᠨ ᠲᠡᠷᠢᠭᠦᠨ ᠤ ᠠᠷᠭ᠎ᠠ ᠬᠢᠳᠡᠯ ᠲᠠᠢ ᠬᠠᠷᠭᠤᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠪᠦᠲᠦᠮᠵᠢᠲᠡᠢ ᠴᠠᠭ ᠬᠤᠭᠤᠴᠠᠭ᠎ᠠ ᠶᠢ ᠠᠮᠵᠢᠵᠤ᠂ ᠤᠶᠤᠨ ᠴᠢᠳᠠᠯ ᠢᠶᠠᠨ ᠲᠥᠪᠯᠡᠷᠡᠭᠦᠯᠵᠦ᠂ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠬᠦᠴᠦᠨ ᠢᠶᠠᠷ ᠢᠶᠠᠨ ᠰᠢᠪᠲᠤᠯᠵᠤ᠂ ᠪᠦᠬᠦ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠬᠦ ᠪᠠᠷ ᠠᠵᠠ ᠲᠣᠬᠢᠶᠠᠯ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号