10 ᠰᠠᠷ᠎ᠠ ᠶᠢᠨ 25 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠬᠤᠶᠠᠷ ᠢ ᠬᠦᠷᠢᠶᠡᠯᠡᠬᠦ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠪᠥᠬᠦᠳᠡ ᠬᠤᠷᠠᠯ ᠵᠢᠴᠢ ᠬᠤᠶᠠᠷ ᠢ ᠬᠦᠷᠢᠶᠡᠯᠡᠬᠦ | ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ | ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠲᠣᠭᠤᠷᠢᠭ ᠤᠨ | ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠶᠠᠨ ᠶᠦᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ | ᠬᠠᠮᠢᠶ᠎ᠠ ᠪᠥᠬᠦᠶ ᠬᠠᠷᠢᠭᠤᠴᠠᠯᠭᠠᠲᠠᠨ ᠪᠥᠬᠦ ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠢ ᠥᠷᠨᠢᠭᠦᠯᠦᠭᠰᠡᠨ | ᠪᠠᠶᠢᠳᠠᠯ ᠢ ᠬᠠᠷᠢᠭᠤ ᠮᠡᠳᠡᠭᠦᠯᠪᠡ᠃ | ᠴᠧᠨ ᠶᠠᠨ ᠶᠦᠩ ᠵᠢᠭᠠᠵᠤ ᠭᠠᠷᠭᠠᠭᠰᠠᠨ ᠨᠢ᠂ ᠰᠦᠩᠱᠠᠨ ᠲᠣᠭᠤᠷᠢᠭ ᠬᠤᠪᠢᠰᠬᠠᠯ ᠤᠨ ᠡᠷᠲᠡ | ᠴᠢᠯᠥᠭᠡᠯᠡᠭᠳᠡᠭᠰᠡᠨ ᠣᠷᠣᠨ ᠪᠣᠯᠤᠭᠰᠠᠨ ᠤ ᠬᠤᠪᠢ ᠳᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ | ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ | ᠢᠮᠠᠭᠲᠠ ᠬᠠᠳᠠᠭᠠᠯᠠᠭᠰᠠᠭᠠᠷ ᠢᠷᠡᠪᠡ᠂ ᠪᠦᠬᠦ ᠲᠣᠭᠤᠷᠢᠭ ᠤᠨ ᠨᠠᠮ ᠵᠠᠰᠠᠭ ᠴᠡᠷᠢᠭ ᠠᠷᠠᠳ ᠤᠨ ᠬᠠᠮᠲᠤ ᠶᠢᠨ | ᠴᠢᠷᠮᠠᠶᠢᠯᠭ᠎ᠠ ᠪᠠᠷ᠂ ᠤᠷᠢᠳ ᠬᠤᠵᠢᠳ ᠳᠤᠯᠤᠭ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ︽ᠬᠤᠶᠠᠷ ᠢ | ᠬᠦᠷᠢᠶᠡᠯᠡᠬᠦ ᠵᠢᠱᠢᠶᠡᠴᠢ ᠬᠤᠳᠠ︾ ᠶᠢᠨ ᠢᠷᠠᠭᠤ ᠠᠯᠳᠠᠷ ᠤᠨ ᠴᠣᠯᠠ ᠶᠢ ᠬᠦᠷᠳᠡᠪᠡ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠶᠠᠷ ᠢ ᠬᠦᠷᠢᠶᠡᠯᠡᠬᠦ | ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠬᠤᠶᠠᠷ ᠢ ᠬᠦᠷᠢᠶᠡᠯᠡᠬᠦ ᠤᠬᠠᠭᠤᠯᠭ᠎ᠠ ᠬᠥᠮᠦᠵᠢᠯ ᠢ ᠭᠦᠨᠵᠡᠭᠡᠢ | ᠥᠷᠨᠢᠭᠦᠯᠵᠦ᠂ ᠰᠢᠨ᠎ᠡ ᠨᠢᠭᠡ ᠡᠭᠡᠯᠵᠢ ᠶᠢᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ | ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠪᠠᠲᠤᠯᠠᠬᠤ ᠪᠠ ᠮᠥᠷᠳᠡᠨ ᠬᠢᠨᠠᠨ | ᠵᠢᠯᠣᠭᠤᠳᠬᠤ ᠪᠠᠨ ᠴᠢᠩᠭᠠᠳᠬᠠᠵᠤ᠂ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠴᠠᠭ | ᠦᠶ᠎ᠡ ᠶᠢᠨ ᠰᠦᠩᠱᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ | ᠡᠭᠦᠳᠴᠦ᠂ ᠰᠢᠨ᠎ᠡ ᠨᠢᠭᠡ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ | ᠬᠤᠲᠠ︾ ᠶᠢ ᠰᠢᠯᠭᠠᠨ ᠦᠨᠡᠯᠡᠬᠦ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ |