10 ᠰᠠᠷ᠎ᠠ ᠶᠢᠨ 25 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠴᠧᠨ ᠶᠠᠨ ᠶᠦᠩ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠨᠡᠯᠡᠯᠲᠡ ᠶᠢᠨ ᠰᠢᠰᠲ᠋ᠧᠮ ᠤᠨ 21 | ᠭᠦᠢᠴᠡᠳᠬᠡᠯ ᠲᠤᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠲᠠᠰ ᠳᠠᠷᠠᠭᠠᠯᠠᠨ ᠬᠠᠷᠢᠭᠤ ᠮᠡᠳᠡᠭᠦᠯᠦᠯᠲᠡ ᠬᠢᠪᠠ︔ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ︽2023 ᠣᠨ ᠤ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠯᠠᠪᠯᠠᠯᠲᠠ ᠶᠢᠨ ᠨᠠᠷᠢᠨ ᠲᠦᠷᠢᠮ︾ ᠳᠤ ᠨᠠᠷᠢᠨ ᠲᠠᠶᠢᠯᠤᠮᠵᠢ | ᠬᠢᠪᠠ︔ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠭᠦᠢᠴᠡᠳᠬᠡᠯ ᠲᠤᠭ᠎ᠠ ᠪᠠᠷ ᠵᠢᠱᠢᠶ᠎ᠡ ᠪᠣᠯᠭᠠᠨ ᠪᠣᠳᠠᠲᠠᠶ ᠲᠠᠶᠢᠯᠤᠮᠵᠢ ᠬᠢᠪᠠ︔ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ | ᠪᠣᠯᠭᠠᠬᠤ︾ ᠠᠵᠢᠯ ᠤᠨ ᠲᠠᠯ᠎ᠠ ᠪᠠᠷ ᠲᠣᠬᠢᠷᠠᠭᠤᠯᠤᠯᠲᠠ ᠬᠢᠪᠡ᠃ | ᠴᠧᠨ ᠶᠠᠨ ᠶᠦᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠵᠤ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠵᠦ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ | ᠰᠢᠰᠲ᠋ᠧᠮ ᠲᠠᠢ ᠬᠠᠷᠭᠤᠭᠤᠯᠵᠤ᠂ ᠲᠡᠷᠢᠭᠦᠨ ᠤ ᠲᠦᠪᠰᠢᠨ ᠪᠣᠯᠤᠨ ᠲᠡᠷᠢᠭᠦᠨ ᠤ ᠠᠷᠭ᠎ᠠ ᠬᠢᠳᠡᠯ ᠲᠠᠢ ᠬᠠᠷᠭᠤᠭᠤᠯᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠬᠦ ᠬᠡᠷᠡᠭᠲᠡᠢ᠃ ᠪᠦᠲᠦᠮᠵᠢᠲᠡᠢ ᠴᠠᠭ ᠬᠤᠭᠤᠴᠠᠭ᠎ᠠ ᠶᠢ ᠠᠮᠵᠢᠵᠤ᠂ ᠤᠶᠤᠨ ᠴᠢᠳᠠᠯ ᠢᠶᠠᠨ | ᠲᠥᠪᠯᠡᠷᠡᠭᠦᠯᠵᠦ᠂ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠪᠦᠬᠦ ᠬᠦᠴᠦᠨ ᠢᠶᠠᠷ ᠢᠶᠠᠨ ᠰᠢᠪᠲᠤᠯᠵᠤ᠂ ᠪᠦᠬᠦ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠦᠨᠡᠯᠡᠬᠦ ᠪᠠᠷ ᠠᠵᠠ ᠲᠣᠬᠢᠶᠠᠯ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ |