10 ᠰᠠᠷ᠎ᠠ ᠶᠢᠨ 6 ᠤ ᠦᠳᠡ ᠶᠢᠨ ᠬᠤᠶᠢᠨ᠎ᠠ᠂ ︽ᠰᠦᠩᠱᠠᠨ ᠤ ᠬᠥᠭᠵᠢᠯ ᠪᠠᠳᠠᠷᠠᠯ ᠢ ᠡᠬᠡ ᠳᠡᠯᠡᠬᠡᠢ | ᠪᠠᠶᠠᠷᠯᠠᠨ ᠳᠠᠭᠤᠯᠠᠵᠤ ᠠᠯᠲᠠᠨ ᠨᠠᠮᠤᠷ ᠤᠨ ᠡᠯᠪᠡᠭ ᠬᠤᠷᠢᠶᠠᠯᠲᠠ ᠶᠢ ᠤᠯᠠᠨ ᠳᠠᠶᠠᠭᠠᠷ ᠪᠠᠶᠠᠷᠯᠠᠨ ᠪᠡᠯᠭᠡᠯᠡᠶ᠎ᠡ︾ ᠭᠡᠬᠦ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠵᠢᠴᠢ ᠨᠠᠮᠤᠷ ᠤᠨ ᠤᠯᠠᠷᠢᠯ ᠤᠨ ᠬᠦᠳᠡᠭᠡ ᠲᠣᠰᠬᠤᠨ ᠤ | ᠰᠦᠨᠢ ᠶᠢᠨ ᠰᠢᠯᠢᠳᠡᠭ ᠲᠣᠭᠯᠠᠯᠲᠠ ᠶᠢᠨ ᠦᠵᠡᠭᠦᠯᠦᠯᠭᠡ ᠶᠢᠨ ᠲᠣᠭᠯᠠᠯᠲᠠ ᠳ᠋ᠠᠩ ᠫᠦ᠋ ᠳ᠋ᠢ ᠮᠠᠨᠵᠤ ᠦᠨᠳᠦᠰᠦᠲᠡᠨ ᠤ | ᠰᠢᠶᠠᠩ ᠤᠨ ᠳ᠋ᠠ ᠰᠢᠩ ᠯᠦᠩ ᠬᠥᠳᠡᠭᠡ ᠲᠣᠰᠬᠤᠨ ᠤ ᠰᠡᠯᠡᠭᠦᠴᠡᠯ ᠤᠨ ᠤᠷᠤᠨ ᠳᠤ ᠶᠠᠪᠤᠭᠳᠠᠪᠠ᠃ ᠲᠤᠭᠤᠷᠢᠭ ᠤᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠥᠩ ᠳ᠋ᠡ ᠹᠦ᠋᠂ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠶᠠᠩ ᠸᠧᠨ ᠳ᠋ᠦᠩ ᠲᠤᠬᠠᠶ ᠶᠢᠨ ᠲᠠᠯᠠᠪᠠᠶ ᠳᠤ ᠲᠣᠭᠯᠠᠯᠲᠠ ᠶᠢ ᠰᠣᠨᠢᠷᠬᠠᠪᠠ᠃ | ᠲᠤᠰ ᠠᠵᠢᠯᠯᠠᠭ᠎ᠠ ᠨᠢ ᠪᠠᠶᠠᠷᠲᠤ ᠵᠣᠷᠢᠭᠵᠢᠭᠤᠯᠤᠯ ᠤᠨ ᠶᠠᠩᠭᠠᠷ ︽ᠡᠯᠪᠡᠭ ᠬᠤᠷᠢᠶᠠᠯᠲᠠ ᠶᠢ ᠪᠡᠯᠭᠡᠯᠡᠶ᠎ᠡ︾ ᠭᠡᠬᠦ | ᠳᠠᠭᠤᠤ ᠶᠢᠨ ᠳᠤᠮᠳᠠ ᠬᠥᠰᠢᠭᠡ ᠪᠠᠨ ᠰᠡᠬᠦᠪᠡ᠃ ︽ᠦᠵᠡᠰᠬᠦᠯᠡᠩᠲᠦ ᠰᠠᠶᠢᠬᠠᠨ ᠬᠡᠷ ᠣᠷᠣᠨ︾ ︽ᠰᠢᠨ᠎ᠡ ᠬᠥᠳᠡᠭᠡ | ᠲᠣᠰᠬᠤᠨ ᠳᠤ ᠠᠯᠬᠤᠨ ᠣᠷᠣᠶ᠎ᠠ︾ ᠭᠡᠬᠦ ᠳᠠᠭᠤᠤ ᠨᠢ ᠬᠥᠮᠦᠰ ᠤᠨ ᠠᠯᠲᠠᠨ ᠨᠠᠮᠤᠷ ᠤᠨ ᠡᠯᠪᠡᠭ ᠬᠤᠷᠢᠶᠠᠯᠲᠠ ᠪᠠᠨ | ᠪᠡᠯᠭᠡᠯᠡᠬᠦ ᠵᠣᠯ ᠵᠢᠷᠭᠠᠯᠲᠤ ᠰᠡᠳᠬᠢᠯᠭᠡ ᠶᠢ ᠢᠯᠡᠳᠬᠡᠪᠡ︔ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ | ᠂ ︽ᠰᠡᠷᠡᠯ ᠮᠣᠷᠢ︾ ᠭᠡᠬᠦ ᠪᠥᠵᠢᠭ ᠨᠢ ᠲᠠᠷᠢᠶᠠᠴᠢᠳ ᠤᠨ ᠨᠠᠮᠤᠷ ᠤᠨ ᠬᠤᠷᠢᠶᠠᠯᠲᠠ ᠶᠢᠨ ᠪᠠᠶᠠᠷ ᠪᠠᠭ᠋ᠠᠳᠤᠯ ᠢ | ᠭᠦᠢᠴᠡᠳ ᠢᠯᠡᠷᠡᠭᠦᠯᠪᠡ︔ ᠨᠠᠶᠢᠷᠠᠯ ᠳᠠᠭᠤᠤ ︽ᠬᠦᠰᠡᠯᠡᠩ ᠤᠨ ᠬᠥᠳᠡᠭᠡ ᠲᠠᠯ᠎ᠠ︾ ᠨᠢ ᠬᠥᠮᠦᠰ ᠤᠨ ᠨᠠᠮ ᠪᠠ | ᠤᠯᠤᠰ ᠣᠷᠣᠨ ᠳᠠᠭᠠᠨ ᠬᠠᠨᠳᠤᠭᠤᠯᠤᠭᠰᠠᠨ ᠬᠢᠵᠠᠭᠠᠯᠠᠰᠢ ᠥᠬᠡᠶ ᠬᠠᠯᠠᠭᠤᠨ ᠬᠠᠶᠢᠷ᠎ᠠ ᠵᠢᠴᠢ ᠠᠮᠢᠳᠤᠷᠠᠯ ᠤᠨ ᠰᠠᠶᠢᠨ | ᠰᠠᠶᠢᠬᠠᠨ ᠵᠥᠩᠨᠡᠯ ᠢ ᠢᠯᠡᠷᠡᠭᠦᠯᠪᠡ᠃ | ᠲᠤᠰ ᠠᠵᠢᠯᠯᠠᠭ᠎ᠠ ᠨᠢ ᠭᠤᠶᠢᠳᠠ ᠰᠠᠶᠢᠬᠠᠨ ᠲᠣᠭᠯᠠᠯᠲᠠ ᠪᠠᠷ ︽ᠠᠮᠢ ᠠᠬᠤᠢ ᠶᠢᠨ ᠰᠦᠩᠱᠠᠨ᠂ | ᠦᠵᠡᠰᠬᠦᠯᠡᠩᠲᠦ ᠰᠠᠶᠢᠬᠠᠨ ᠰᠦᠩᠱᠠᠨ᠂ ᠵᠣᠯ ᠵᠢᠷᠭᠠᠯᠲᠤ ᠰᠦᠩᠱᠠᠨ︾ ᠤ ᠪᠦᠳᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ ᠶᠢᠨ ᠰᠢᠨ᠎ᠡ ᠬᠥᠳᠡᠭᠡ ᠲᠣᠰᠬᠤᠨ ᠤ ᠰᠢᠨ᠎ᠡ ᠳᠦᠷᠰᠦ | ᠪᠠᠶᠢᠳᠠᠯ ᠢ ᠢᠯᠡᠷᠡᠭᠦᠯᠵᠦ᠂ ᠰᠣᠶᠣᠯ ᠵᠤᠭᠠᠴᠠᠯ ᠤᠨ ᠴᠢᠳᠠᠪᠤᠷᠢ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠪᠡ᠃ |