ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠭᠤᠷᠪᠠᠳᠤᠭᠠᠷ ᠪᠦᠯᠦᠭ ᠤᠨ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ ᠤ ᠨᠡᠷᠡᠰ ᠢ ᠨᠡᠶᠢᠲᠡᠯᠡᠪᠡ᠂ | ᠰᠦᠩᠱᠠᠨ ᠲᠣᠭᠤᠷᠢᠭ ᠡᠭᠦᠨ ᠳᠤ ᠵᠢᠭᠰᠠᠭᠠᠭᠳᠠᠵᠤ᠂ ︽ᠤᠯᠤᠰ ᠤᠨ ᠨᠠᠷᠠᠲᠤ ᠲᠡᠮᠳᠡᠭᠲᠦ︾ ᠶᠢᠨ ᠢᠷᠠᠭᠤ ᠠᠯᠳᠠᠷ ᠢ | ᠲᠤᠰᠪᠠ᠃ | ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠪᠣᠬᠢᠷᠲᠤᠯ ᠦᠭᠡᠢ ᠲᠠᠷᠢᠶᠠᠯᠠᠩ ᠤᠨ ᠬᠥᠭᠵᠢᠯᠲᠡ ᠪᠠᠷ ᠭᠤᠣᠯ | ᠪᠣᠯᠭᠠᠬᠤ ᠶᠢ ᠪᠠᠷᠢᠮᠲᠠᠯᠠᠵᠤ᠂ ᠪᠠᠷᠢᠮᠵᠢᠶᠠᠵᠢᠭᠰᠠᠨ ᠦᠢᠯᠡᠳᠪᠦᠷᠢᠯᠡᠯ ᠢᠶᠠᠷ ᠬᠦᠳᠦᠯᠥᠨ ᠳᠠᠭᠠᠭᠤᠯᠵᠤ᠂ ᠤᠯᠠᠮᠵᠢᠯᠠᠯᠲᠤ | ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠡᠬᠢ | ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠨᠢ ᠴᠢᠩᠭ᠎ᠠ ᠬᠠᠮᠢᠶᠠᠷᠬᠤ᠂ ᠠᠶᠤᠯ ᠲᠦᠭᠰᠢᠭᠦᠷᠢ ᠶᠢ ᠴᠢᠩᠭ᠎ᠠ | ᠡᠵᠡᠮᠳᠡᠬᠦ ᠶᠢ ᠴᠢᠩᠭᠠᠳᠬᠠᠵᠤ᠂ ᠬᠢᠨᠠᠨ ᠬᠠᠮᠢᠶᠠᠷᠬᠤ ᠵᠠᠭᠪᠤᠷ ᠤᠨ ᠰᠢᠨ᠎ᠡ ᠶᠢ ᠡᠭᠦᠳᠴᠦ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠪᠥᠬᠦ ᠲᠤᠭᠤᠷᠢᠭ ᠲᠤ ᠣᠲᠣ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ 47 | ᠪᠠᠶᠢᠵᠤ᠂ ᠡᠭᠦᠨ ᠳᠤ ᠪᠣᠬᠢᠷᠲᠤᠯ ᠥᠬᠡᠶ ᠢᠳᠡᠭᠡᠨ 38᠂ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ | ᠪᠦᠲᠦᠭᠡᠭᠳᠡᠬᠦᠨ 1᠂ ᠨᠠᠷᠠᠲᠤ ᠰᠢᠯᠢᠳᠡᠭ ᠣᠨᠴᠠ ᠰᠢᠨ᠎ᠡ ᠲᠠᠷᠢᠶᠠᠯᠠᠩ ᠤᠨ ᠪᠦᠲᠦᠭᠡᠭᠳᠡᠬᠦᠨ 8 ᠪᠣᠶ᠃ | ᠳᠠᠷᠠᠭᠠᠴᠢ ᠶᠢᠨ ᠠᠯᠬᠤᠮ ᠳᠤ᠂ ᠰᠦᠩᠱᠠᠨ ᠲᠣᠭᠤᠷᠢᠭ ᠪᠦᠬᠦ ᠲᠤᠭᠤᠷᠢᠭ ᠤᠨ ᠢᠳᠡᠰᠢᠨ ᠨᠣᠭᠤᠭ᠎ᠠ ᠶᠢᠨ ᠵᠢᠯ | ᠳᠤᠮᠳᠠᠴᠢ ᠶᠢᠨ ᠭᠠᠷᠤᠯᠲᠠ ᠶᠢᠨ 195.21 ᠲᠦᠮᠡᠨ ᠲᠣᠨ ᠤ ᠪᠠᠭᠲᠠᠭᠠᠮᠵᠢ ᠶᠢᠨ ᠳᠠᠪᠠᠭᠤᠯᠢᠭ ᠲᠠᠭᠠᠨ ᠰᠠᠭᠤᠷᠢᠯᠠᠵᠤ | ᠂ ᠴᠢᠨᠠᠷ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠰᠣᠷᠭᠤᠭ | ᠪᠠᠶᠢᠯᠭᠠᠬᠤ᠂ ᠲᠥᠪᠯᠡᠷᠡᠭᠦᠯᠵᠦ ᠲᠠᠷᠬᠠᠭᠠᠬᠤ ᠵᠡᠷᠭᠡ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠤᠷᠲᠤᠳᠬᠠᠵᠤ᠂ | ᠪᠡᠭᠡᠵᠢᠩ ᠲᠢᠶᠠᠨᠵᠢᠨ ᠾᠧᠪᠸᠢ᠂ ᠭᠤᠸᠠᠩᠳᠦ᠋ᠩ ᠰᠢᠶᠠᠩᠭᠠᠩ ᠣᠣᠮᠧᠨ ᠲᠤᠭᠤᠷᠢᠭ ᠤᠨ ︽ᠢᠳᠡᠰᠢᠨ ᠨᠣᠭᠤᠭ᠎ᠠ︾ | ᠶᠢᠨ ᠢᠨᠵᠧᠨᠧᠷᠢᠩ ᠲᠠᠢ ᠵᠠᠯᠭᠠᠵᠤ᠂ 30 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠣᠬᠢᠷᠲᠤᠯ ᠦᠭᠡᠢ | ᠢᠳᠡᠭᠡᠨ ᠤ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠴᠣᠭᠴᠠᠯᠠᠨ᠎ᠠ᠃ |