ᠰᠦᠩᠱᠠᠨ ᠲᠣᠭᠤᠷᠢᠭ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠵᠣᠬᠢᠶᠠᠨ ᠪᠦᠲᠦᠭᠡᠯᠭᠡ ᠶᠢᠨ ᠦᠵᠡᠭᠦᠯᠦᠯᠭᠡ ᠬᠤᠲᠠ ᠶᠢᠨ ᠣᠯᠠᠨ ᠲᠦᠮᠡᠨ ᠤ ᠤᠷᠠᠯᠢᠭ ᠤᠨ ᠣᠷᠳᠣᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/11/10
    11 ᠰᠠᠷ᠎ᠠ ᠶᠢᠨ 4 ᠤ ᠡᠳᠦᠷ᠂ ᠰᠦᠩᠱᠠᠨ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠠᠴᠠ ᠭᠤᠣᠯᠯᠠᠨ ᠡᠷᠬᠢᠯᠡᠵᠦ᠂ ᠰᠦᠩᠱᠠᠨ ᠲᠣᠭᠤᠷᠢᠭ ᠤᠨ ᠤᠷᠠᠨ ᠵᠢᠷᠤᠭᠴᠢᠳ ᠤᠨ ᠨᠡᠶᠢᠭᠡᠮᠯᠢᠭ᠂ ᠮᠦ ᠵᠢᠶᠠ ᠶᠢᠩᠽᠢ ᠪᠠᠯᠭᠠᠰᠤᠨ ᠤ ᠭᠦ᠋ ᠳ᠋ᠦ᠋ ᠾᠧ ᠲᠣᠰᠬᠤᠨ ᠠᠴᠠ ᠳᠠᠭᠠᠭᠠᠴᠢᠯᠠᠨ ᠡᠷᠬᠢᠯᠡᠭᠰᠡᠨ ︽ᠯᠦᠩ ᠲᠠᠨ ᠤ ᠭᠤᠶᠤ ᠦᠵᠡᠮᠵᠢ ᠶᠢ ᠵᠢᠷᠤᠭᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠰᠦᠩᠱᠠᠨ ᠲᠣᠭᠤᠷᠢᠭ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠯᠦᠩ ᠲᠠᠨ ᠳᠤ ᠬᠦᠷᠴᠦ ᠬᠠᠭᠤᠯᠤᠨ ᠵᠢᠷᠤᠬᠤ ᠤᠷᠠᠨ ᠪᠦᠲᠦᠭᠡᠯ ᠤᠨ ᠦᠵᠡᠭᠦᠯᠦᠯᠭᠡ ᠬᠤᠳᠠ ᠶᠢᠨ ᠤᠯᠠᠨ ᠲᠦᠮᠡᠨ ᠤ ᠤᠷᠠᠯᠢᠭ ᠤᠨ ᠣᠷᠳᠣᠨ ᠳᠤ ᠶᠠᠪᠤᠭᠳᠠᠪᠠ᠃    ᠣᠶᠢᠯᠠᠭᠠᠭᠰᠠᠨ ᠢᠶᠠᠷ᠂ 10 ᠰᠠᠷ᠎ᠠ ᠶᠢᠨ 4 ᠤ ᠡᠳᠦᠷ ᠠᠴᠠ ᠡᠬᠢᠯᠡᠨ᠂ ᠰᠦᠩᠱᠠᠨ ᠲᠣᠭᠤᠷᠢᠭ ᠤᠨ ᠤᠷᠠᠨ ᠵᠢᠷᠤᠭᠴᠢᠳ ᠤᠨ ᠨᠡᠶᠢᠭᠡᠮᠯᠢᠭ 40 ᠭᠠᠷᠤᠶ ᠵᠢᠷᠤᠭᠴᠢᠨ ᠢ ᠵᠣᠬᠢᠶᠠᠨ ᠪᠠᠶᠢᠭᠤᠯᠵᠤ᠂ ᠮᠥ ᠵᠢᠶᠠ ᠶᠢᠩᠽᠢ ᠪᠠᠯᠭᠠᠰᠤᠨ ᠤ ᠬᠥ᠋ ᠳ᠋ᠦ᠋ ᠾᠧ ᠲᠣᠰᠬᠤᠨ ᠤ ᠯᠦᠩ ᠲᠠᠨ ᠤ ᠦᠵᠡᠮᠵᠢ ᠶᠢᠨ ᠵᠢᠭᠤᠯᠴᠢᠯᠠᠯ ᠤᠨ ᠣᠷᠣᠨ ᠳᠤ ᠤᠴᠢᠵᠤ᠂ ᠵᠢᠷᠤᠭᠴᠢᠳ ᠪᠠᠶᠢᠭᠠᠯᠢ ᠳᠤ ᠭᠦᠨᠵᠡᠭᠡᠶᠢᠷᠡᠨ ᠠᠮᠢᠳᠤᠷᠠᠯ ᠢ ᠤᠶᠢᠯᠠᠭᠠᠵᠤ᠂ ᠪᠣᠷᠣ ᠮᠠᠲ᠋ᠧᠷᠢᠶᠠᠯ ᠴᠤᠭᠯᠠᠭᠤᠯᠪᠠ᠃ ᠪᠣᠷᠣ ᠮᠠᠲ᠋ᠧᠷᠢᠶᠠᠯ ᠴᠤᠭᠯᠠᠭᠤᠯᠬᠤ ᠠᠵᠢᠯ ᠳᠠᠭᠤᠰᠤᠭᠰᠠᠨ ᠤ ᠳᠠᠷᠠᠭᠠᠬᠢ 20 ᠭᠠᠷᠤᠢ ᠡᠳᠦᠷ ᠤᠨ ᠳᠣᠲᠣᠷ᠎ᠠ᠂ ᠵᠢᠷᠤᠭᠴᠢᠳ ᠲᠣᠰᠬᠤᠨ ᠤ ᠳᠦᠷᠰᠦ ᠪᠠᠶᠢᠳᠠᠯ᠂ ᠲᠣᠭᠠᠴᠢᠯᠠᠭᠰᠠᠨ ᠬᠥᠳᠡᠭᠡ ᠲᠣᠰᠬᠤᠨ᠂ ᠨᠤᠲᠤᠭ ᠤᠰᠤᠨ ᠤ ᠵᠠᠩ ᠠᠭᠠᠯᠢ᠂ ᠠᠵᠤ ᠠᠬᠤᠢ ᠠᠮᠢ ᠠᠬᠤᠢ ᠵᠡᠷᠭᠡ ᠵᠢᠷᠭᠤᠭᠠᠨ ᠲᠠᠯ᠎ᠠ ᠪᠠᠷ ᠭᠦᠨᠵᠡᠭᠡᠢ ᠵᠣᠬᠢᠶᠠᠨ ᠪᠦᠲᠦᠭᠡᠵᠦ᠂ ᠵᠢᠷᠤᠭ ᠤᠨ ᠪᠢᠷ ᠢᠶᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠤᠳᠤᠭᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠠᠮᠡᠷᠢᠯᠡᠪᠡ᠃    ᠲᠣᠰ ᠤᠳᠠᠭᠠᠨ ᠤ ᠦᠵᠡᠭᠦᠯᠦᠯᠭᠡ ᠳᠤ 80 ᠭᠠᠷᠤᠶ ᠤᠷᠠᠨ ᠪᠦᠲᠦᠭᠡᠯ ᠢ ᠰᠣᠩᠭᠤᠨ ᠳᠡᠯᠭᠡᠨ ᠦᠵᠡᠭᠦᠯᠪᠡ᠂ ᠡᠭᠦᠨ ᠳᠤ ᠬᠢᠲᠠᠳ ᠵᠢᠷᠤᠭ᠂ ᠤᠰᠤᠨ ᠪᠤᠳᠤᠭ᠂ ᠲᠣᠰᠣᠨ ᠪᠤᠳᠤᠭ ᠤᠨ ᠵᠢᠷᠤᠭ ᠵᠡᠷᠭᠡ ᠣᠯᠠᠨ ᠲᠥᠷᠥᠯ ᠤᠨ ᠵᠢᠷᠤᠭ ᠤᠨ ᠲᠥᠷᠥᠯ ᠢ ᠪᠠᠭᠲᠠᠭᠠᠪᠠ᠃ ᠨᠤᠲᠤᠭ ᠤᠨ ᠵᠠᠩ ᠠᠭᠠᠯᠢ ᠪᠠ ᠤᠷᠠᠯᠢᠭ ᠤᠨ ᠠᠭᠤᠷ ᠠᠮᠢᠰᠬᠤᠯ ᠰᠣᠯᠪᠢᠴᠠᠭᠰᠠᠨ ᠵᠢᠷᠤᠭ ᠤᠨ ᠪᠦᠲᠦᠭᠡᠯ ᠨᠢ ᠭᠦ᠋ ᠳ᠋ᠦ᠋ ᠾᠧ ᠲᠣᠰᠬᠤᠨ ᠤ ︽ᠯᠦᠩ ᠲᠠᠨ ᠢᠨᠵᠧᠨᠧᠷᠢᠩ︾ ᠤᠨ ᠠᠮᠢ ᠠᠬᠤᠢ ᠶᠢᠨ ᠣᠨᠴᠠᠯᠢᠭ ᠢ ᠵᠢᠷᠤᠭᠯᠠᠵᠤ᠂ ᠰᠦᠩᠱᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ ᠠᠴᠠ ᠨᠠᠰᠢᠬᠢ ᠡᠯᠪᠡᠭ ᠪᠠᠶᠠᠯᠢᠭ ᠦᠷ᠎ᠡ ᠪᠦᠲᠦᠭᠡᠯ ᠢ ᠳᠡᠯᠭᠡᠨ ᠦᠵᠡᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号