ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠰᠢᠶᠠᠨ ᠤ | ᠱᠠᠲᠤᠨ ᠠᠴᠠ ᠳᠡᠭᠡᠭᠰᠢᠬᠢ ᠣᠯᠠᠨ ᠨᠡᠶᠢᠲᠡ ᠶᠢᠨ ᠨᠣᠮ ᠤᠨ ᠰᠠᠩ ᠤᠨ ᠦᠨᠡᠯᠡᠨ ᠳᠡᠰ ᠲᠤᠭᠲᠠᠭᠠᠬᠤ ᠳᠡᠭᠡᠳᠦ | ᠲᠠᠰ ᠤᠨ ᠨᠣᠮ ᠤᠨ ᠰᠠᠩ ᠤᠨ ᠨᠡᠷᠡᠰ ᠢ ᠵᠠᠷᠯᠠᠨ ᠨᠡᠶᠢᠲᠡᠯᠡᠵᠦ᠂ ᠰᠦᠩᠱᠠᠨ ᠲᠣᠭᠤᠷᠢᠭ ᠤᠨ ᠨᠣᠮ ᠤᠨ ᠰᠠᠩ ︽ | ᠨᠢᠭᠡᠳᠦᠭᠡᠷ ᠳᠡᠰ ᠤᠨ ᠨᠣᠮ ᠤᠨ ᠰᠠᠩ︾ ᠳᠤ ᠰᠤᠩᠭᠤᠭᠳᠠᠪᠠ᠃ | ᠰᠦᠩᠱᠠᠨ ᠲᠣᠭᠤᠷᠢᠭ ᠤᠨ ᠨᠣᠮ ᠤᠨ ᠰᠠᠩ ᠨᠢ ᠨᠥᠬᠦᠷᠯᠡᠯ ᠶᠡᠭᠡ ᠵᠡᠭᠡᠯᠢ ᠪᠣᠯᠤᠨ ᠶᠢᠨ ᠾᠧ ᠵᠠᠮ ᠤᠨ | ᠠᠭᠤᠯᠵᠠᠷ ᠲᠠᠬᠢ ᠰᠦᠩᠪᠸᠢ ᠶᠢᠨ ᠶᠡᠷᠦᠩᠬᠡᠶᠢᠯᠡᠭᠰᠡᠨ ᠲᠠᠯᠠᠪᠠᠢ ᠶᠢᠨ ᠣᠷᠳᠣᠨ ᠤ B ᠲᠣᠭᠤᠷᠢᠭ ᠤᠨ 5 ᠳ᠋ᠤᠭᠠᠷ | ᠳᠠᠪᠬᠤᠷᠯᠢᠭ ᠲᠤ ᠪᠠᠶᠢᠷᠢᠯᠠᠵᠤ᠂ 15 ᠲᠦᠮᠡ ᠰᠢᠬᠠᠮ ᠳᠡᠪᠲᠡᠷ᠂ 100 ᠭᠠᠷᠤᠢ ᠬᠢᠲᠠᠳ ᠬᠡᠯᠡᠨ ᠤ ᠬᠤᠭᠤᠴᠠᠭᠠᠲᠤ | ᠰᠡᠳᠬᠦᠯ ᠲᠠᠢ᠂ ᠡᠭᠦᠨ ᠤ ᠬᠠᠮᠲᠤ ᠡᠯᠧᠺᠲᠷᠣᠨ ᠨᠣᠮ ᠤᠩᠰᠢᠬᠤ ᠮᠠᠰᠢᠨ᠂ ᠨᠠᠮ ᠤᠨ ᠪᠠᠶᠢᠭᠤᠯᠤᠯᠲᠠ ᠶᠢᠨ ᠨᠢᠭᠡ | ᠴᠣᠭᠴᠠᠲᠤ ᠮᠠᠰᠢᠨ ᠵᠡᠷᠭᠡ ᠲᠥᠬᠦᠭᠡᠷᠦᠮᠵᠢ ᠶᠢ ᠲᠤᠬᠢᠷᠠᠭᠤᠯᠪᠠ᠂ ᠡᠭᠦᠨ ᠳᠤ ᠡᠯᠧᠺᠲᠷᠣᠨ ᠨᠣᠮ 3500 ᠵᠦᠢᠯ᠂ | ᠬᠤᠭᠤᠴᠠᠭᠠᠲᠤ ᠰᠡᠳᠬᠦᠯ 3700 ᠵᠦᠢᠯ᠂ ᠰᠣᠨᠢᠨ 300 ᠵᠦᠢᠯ᠂ ᠨᠠᠮ ᠤᠨ ᠪᠠᠶᠢᠭᠤᠯᠤᠯᠲᠠ ᠶᠢᠨ ᠡᠯᠧᠺᠲᠷᠣᠨ | ᠨᠣᠮ 100 ᠵᠦᠢᠯ᠂ ᠨᠠᠮ ᠤᠨ ᠪᠠᠶᠢᠭᠤᠯᠤᠯᠲᠠ ᠶᠢᠨ ᠸᠢᠳᠢᠣ᠋ 100 ᠪᠦᠯᠦᠭ ᠪᠤᠢ᠃ ᠨᠣᠮ ᠤᠨ ᠰᠠᠩ ᠨᠢ | ᠭᠠᠷᠠᠭ ᠤᠨ ᠬᠤᠶᠠᠷ ᠠᠴᠠ ᠭᠠᠷᠠᠭ ᠤᠨ ᠡᠳᠦᠷ ᠪᠣᠯᠲᠠᠯ᠎ᠠ ᠡᠭᠦᠳᠡ ᠪᠠᠨ ᠨᠡᠭᠡᠭᠡᠵᠦ᠂ 168 ᠬᠥᠮᠦᠨ ᠬᠠᠮᠲᠤ ᠪᠠᠷ | ᠨᠣᠮ ᠤᠨ ᠰᠠᠩ ᠳᠤ ᠨᠣᠮ ᠤᠩᠰᠢᠬᠤ ᠶᠢ ᠬᠠᠩᠭᠠᠵᠤ ᠴᠢᠳᠠᠬᠤ ᠪᠥᠭᠡᠳ ᠤᠩᠰᠢᠭᠴᠢᠳ ᠲᠤ ᠥᠪᠡᠷ ᠢᠶᠠᠨ ᠦᠨᠡᠮᠯᠡᠯ | ᠠᠪᠬᠤ᠂ ᠥᠪᠡᠷ ᠢᠶᠠᠨ ᠵᠢᠭᠡᠯᠡᠵᠦ ᠪᠤᠴᠠᠭᠠᠬᠤ᠂ ᠣᠶᠤᠨᠴᠢ ᠪᠠᠷ ᠡᠷᠢᠬᠦ᠂ ᠰᠣᠨᠢᠨ ᠰᠡᠳᠬᠦᠯ ᠤᠩᠰᠢᠬᠤ᠂ ᠮᠠᠲ᠋ᠧᠷᠢᠶᠠᠯ | ᠯᠠᠪᠯᠠᠬᠤ᠂ ᠰᠦᠢᠳᠬᠡᠯ ᠬᠤᠷᠢᠶᠠᠬᠤ ᠦᠭᠡᠶ ᠪᠠᠷ ᠳᠠᠪᠲᠠᠯᠭ᠎ᠠ ᠬᠢᠬᠦ ᠵᠡᠷᠭᠡ ᠦᠢᠯᠡᠴᠢᠯᠡᠭᠡ ᠬᠠᠩᠭᠠᠳᠠᠭ᠃ | ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠤᠨ ᠨᠣᠮ ᠤᠨ ᠰᠠᠩ ᠪᠦᠬᠦ ᠠᠷᠠᠳ ᠢᠶᠠᠷ ᠢᠶᠠᠨ ᠨᠣᠮ | ᠤᠩᠰᠢᠬᠤ ᠶᠢ ᠢᠳᠡᠪᠬᠢᠲᠡᠢ ᠰᠠᠨᠠᠭᠠᠴᠢᠯᠠᠵᠤ᠂ ︽ᠨᠣᠮ ᠤᠨ ᠦᠨᠦᠷ ᠬᠠᠩᠬᠤᠯᠤᠭᠰᠠᠨ ᠰᠦᠩᠱᠠᠨ︾ ᠤ ᠪᠦᠳᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ | ᠡᠭᠦᠳᠬᠦ ᠪᠠᠷ ᠳᠠᠮᠵᠢᠭᠤᠯᠵᠤ᠂ ᠤᠩᠰᠢᠭᠴᠢᠳ ᠲᠤ ᠰᠢᠯᠢᠳᠡᠭ ᠰᠠᠶᠢᠨ ᠰᠤᠷᠤᠯᠴᠠᠬᠤ ᠤᠩᠰᠢᠬᠤ ᠣᠷᠴᠢᠨ | ᠲᠣᠭᠤᠷᠢᠨ ᠢ ᠡᠭᠦᠳᠴᠦ ᠦᠭᠪᠡ᠃ ᠡᠨᠡ ᠵᠢᠯ ᠤᠨ 1 — 10 ᠰᠠᠷ᠎ᠠ ᠳᠤ᠂ ᠨᠣᠮ ᠤᠨ ᠰᠠᠩ ᠤᠩᠰᠢᠭᠴᠢᠳ ᠲᠤ | 10 ᠲᠦᠮᠡ ᠭᠠᠷᠤᠶ ᠬᠥᠮᠦᠨ ᠤᠳᠠᠭ᠎ᠠ ᠦᠢᠯᠡᠴᠢᠯᠡᠪᠡ᠃ ᠤᠩᠰᠢᠭᠴᠢᠳ ᠤᠨ ᠬᠡᠷᠡᠭᠴᠡᠭᠡ ᠶᠢ ᠤᠯᠠᠮ ᠨᠢᠭᠡ ᠠᠯᠬᠤᠮ | ᠬᠠᠩᠭᠠᠬᠤ ᠶᠢᠨ ᠲᠥᠯᠥᠭᠡ᠂ ᠨᠣᠮ ᠤᠨ ᠰᠠᠩ ᠨᠡᠭᠡᠭᠡᠬᠦ ᠴᠠᠭ ᠢᠶᠠᠨ ᠨᠡᠮᠡᠭᠳᠡᠭᠦᠯᠵᠦ᠂ ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠬᠡᠪ ᠤᠨ ᠶᠣᠰᠣᠭᠠᠷ ᠨᠡᠭᠡᠭᠡᠬᠦ ᠠᠴᠠ ᠭᠠᠳᠠᠨ᠎ᠠ᠂ ᠥᠪᠡᠷ ᠢᠶᠠᠨ | ᠰᠤᠷᠤᠯᠴᠠᠬᠤ ᠲᠠᠰᠤᠭ ᠢ ᠣᠷᠣᠶ ᠶᠢᠨ ᠴᠠᠭ ᠢ 21 ᠴᠠᠭ ᠪᠣᠯᠲᠠᠯ᠎ᠠ ᠬᠤᠶᠢᠰᠢᠯᠠᠭᠤᠯᠪᠠ᠃ ᠡᠨᠡ ᠵᠢᠯ ᠠᠴᠠ ᠨᠠᠰᠢ᠂ | ᠨᠣᠮ ᠤᠨ ᠰᠠᠩ ᠰᠦᠯᠵᠢᠶᠡᠨ ᠳᠡᠭᠡᠷᠡᠬᠢ ᠨᠣᠮ ᠤᠩᠰᠢᠬᠤ ᠠᠵᠢᠯᠯᠠᠭ᠎ᠠ ᠶᠢ 59 ᠤᠳᠠᠭ᠎ᠠ᠂ ᠰᠦᠯᠵᠢᠶᠡᠨ ᠭᠠᠳᠠᠨᠠᠬᠢ | ᠠᠵᠢᠯᠯᠠᠭ᠎ᠠ ᠶᠢ 11 ᠤᠳᠠᠭ᠎ᠠ ᠡᠷᠭᠢᠯᠡᠵᠦ᠂ ᠣᠷᠣᠯᠴᠠᠭᠰᠠᠨ ᠬᠥᠮᠦᠨ ᠤ ᠲᠤᠭ᠎ᠠ 74000 ᠭᠠᠷᠤᠶ ᠬᠥᠮᠦᠨ | ᠤᠳᠠᠭ᠎ᠠ ᠳᠤ ᠬᠦᠷᠴᠡᠶ᠃ |