ᠰᠦᠩᠱᠠᠨ ᠲᠣᠭᠤᠷᠢᠭ ᠤᠨ ᠨᠣᠮ ᠤᠨ ᠰᠠᠩ ᠤᠯᠤᠰ ᠤᠨ ︽ᠨᠢᠭᠡᠳᠦᠭᠡᠷ ᠳᠡᠰ ᠤᠨ ᠨᠣᠮ ᠤᠨ ᠰᠠᠩ︾ ᠳᠤ ᠰᠤᠩᠭᠤᠭᠳᠠᠪᠠ
ᠨᠡᠶᠢᠲᠡᠯᠡᠭᠰᠡᠨ ᠴᠠᠭ᠄
2023/11/10
    ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠰᠢᠶᠠᠨ ᠤ ᠱᠠᠲᠤᠨ ᠠᠴᠠ ᠳᠡᠭᠡᠭᠰᠢᠬᠢ ᠣᠯᠠᠨ ᠨᠡᠶᠢᠲᠡ ᠶᠢᠨ ᠨᠣᠮ ᠤᠨ ᠰᠠᠩ ᠤᠨ ᠦᠨᠡᠯᠡᠨ ᠳᠡᠰ ᠲᠤᠭᠲᠠᠭᠠᠬᠤ ᠳᠡᠭᠡᠳᠦ ᠲᠠᠰ ᠤᠨ ᠨᠣᠮ ᠤᠨ ᠰᠠᠩ ᠤᠨ ᠨᠡᠷᠡᠰ ᠢ ᠵᠠᠷᠯᠠᠨ ᠨᠡᠶᠢᠲᠡᠯᠡᠵᠦ᠂ ᠰᠦᠩᠱᠠᠨ ᠲᠣᠭᠤᠷᠢᠭ ᠤᠨ ᠨᠣᠮ ᠤᠨ ᠰᠠᠩ ︽ᠨᠢᠭᠡᠳᠦᠭᠡᠷ ᠳᠡᠰ ᠤᠨ ᠨᠣᠮ ᠤᠨ ᠰᠠᠩ︾ ᠳᠤ ᠰᠤᠩᠭᠤᠭᠳᠠᠪᠠ᠃    ᠰᠦᠩᠱᠠᠨ ᠲᠣᠭᠤᠷᠢᠭ ᠤᠨ ᠨᠣᠮ ᠤᠨ ᠰᠠᠩ ᠨᠢ ᠨᠥᠬᠦᠷᠯᠡᠯ ᠶᠡᠭᠡ ᠵᠡᠭᠡᠯᠢ ᠪᠣᠯᠤᠨ ᠶᠢᠨ ᠾᠧ ᠵᠠᠮ ᠤᠨ ᠠᠭᠤᠯᠵᠠᠷ ᠲᠠᠬᠢ ᠰᠦᠩᠪᠸᠢ ᠶᠢᠨ ᠶᠡᠷᠦᠩᠬᠡᠶᠢᠯᠡᠭᠰᠡᠨ ᠲᠠᠯᠠᠪᠠᠢ ᠶᠢᠨ ᠣᠷᠳᠣᠨ ᠤ B ᠲᠣᠭᠤᠷᠢᠭ ᠤᠨ 5 ᠳ᠋ᠤᠭᠠᠷ ᠳᠠᠪᠬᠤᠷᠯᠢᠭ ᠲᠤ ᠪᠠᠶᠢᠷᠢᠯᠠᠵᠤ᠂ 15 ᠲᠦᠮᠡ ᠰᠢᠬᠠᠮ ᠳᠡᠪᠲᠡᠷ᠂ 100 ᠭᠠᠷᠤᠢ ᠬᠢᠲᠠᠳ ᠬᠡᠯᠡᠨ ᠤ ᠬᠤᠭᠤᠴᠠᠭᠠᠲᠤ ᠰᠡᠳᠬᠦᠯ ᠲᠠᠢ᠂ ᠡᠭᠦᠨ ᠤ ᠬᠠᠮᠲᠤ ᠡᠯᠧᠺᠲᠷᠣᠨ ᠨᠣᠮ ᠤᠩᠰᠢᠬᠤ ᠮᠠᠰᠢᠨ᠂ ᠨᠠᠮ ᠤᠨ ᠪᠠᠶᠢᠭᠤᠯᠤᠯᠲᠠ ᠶᠢᠨ ᠨᠢᠭᠡ ᠴᠣᠭᠴᠠᠲᠤ ᠮᠠᠰᠢᠨ ᠵᠡᠷᠭᠡ ᠲᠥᠬᠦᠭᠡᠷᠦᠮᠵᠢ ᠶᠢ ᠲᠤᠬᠢᠷᠠᠭᠤᠯᠪᠠ᠂ ᠡᠭᠦᠨ ᠳᠤ ᠡᠯᠧᠺᠲᠷᠣᠨ ᠨᠣᠮ 3500 ᠵᠦᠢᠯ᠂ ᠬᠤᠭᠤᠴᠠᠭᠠᠲᠤ ᠰᠡᠳᠬᠦᠯ 3700 ᠵᠦᠢᠯ᠂ ᠰᠣᠨᠢᠨ 300 ᠵᠦᠢᠯ᠂ ᠨᠠᠮ ᠤᠨ ᠪᠠᠶᠢᠭᠤᠯᠤᠯᠲᠠ ᠶᠢᠨ ᠡᠯᠧᠺᠲᠷᠣᠨ ᠨᠣᠮ 100 ᠵᠦᠢᠯ᠂ ᠨᠠᠮ ᠤᠨ ᠪᠠᠶᠢᠭᠤᠯᠤᠯᠲᠠ ᠶᠢᠨ ᠸᠢᠳᠢᠣ᠋ 100 ᠪᠦᠯᠦᠭ ᠪᠤᠢ᠃ ᠨᠣᠮ ᠤᠨ ᠰᠠᠩ ᠨᠢ ᠭᠠᠷᠠᠭ ᠤᠨ ᠬᠤᠶᠠᠷ ᠠᠴᠠ ᠭᠠᠷᠠᠭ ᠤᠨ ᠡᠳᠦᠷ ᠪᠣᠯᠲᠠᠯ᠎ᠠ ᠡᠭᠦᠳᠡ ᠪᠠᠨ ᠨᠡᠭᠡᠭᠡᠵᠦ᠂ 168 ᠬᠥᠮᠦᠨ ᠬᠠᠮᠲᠤ ᠪᠠᠷ ᠨᠣᠮ ᠤᠨ ᠰᠠᠩ ᠳᠤ ᠨᠣᠮ ᠤᠩᠰᠢᠬᠤ ᠶᠢ ᠬᠠᠩᠭᠠᠵᠤ ᠴᠢᠳᠠᠬᠤ ᠪᠥᠭᠡᠳ ᠤᠩᠰᠢᠭᠴᠢᠳ ᠲᠤ ᠥᠪᠡᠷ ᠢᠶᠠᠨ ᠦᠨᠡᠮᠯᠡᠯ ᠠᠪᠬᠤ᠂ ᠥᠪᠡᠷ ᠢᠶᠠᠨ ᠵᠢᠭᠡᠯᠡᠵᠦ ᠪᠤᠴᠠᠭᠠᠬᠤ᠂ ᠣᠶᠤᠨᠴᠢ ᠪᠠᠷ ᠡᠷᠢᠬᠦ᠂ ᠰᠣᠨᠢᠨ ᠰᠡᠳᠬᠦᠯ ᠤᠩᠰᠢᠬᠤ᠂ ᠮᠠᠲ᠋ᠧᠷᠢᠶᠠᠯ ᠯᠠᠪᠯᠠᠬᠤ᠂ ᠰᠦᠢᠳᠬᠡᠯ ᠬᠤᠷᠢᠶᠠᠬᠤ ᠦᠭᠡᠶ ᠪᠠᠷ ᠳᠠᠪᠲᠠᠯᠭ᠎ᠠ ᠬᠢᠬᠦ ᠵᠡᠷᠭᠡ ᠦᠢᠯᠡᠴᠢᠯᠡᠭᠡ ᠬᠠᠩᠭᠠᠳᠠᠭ᠃    ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠤᠨ ᠨᠣᠮ ᠤᠨ ᠰᠠᠩ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠢᠳᠡᠪᠬᠢᠲᠡᠢ ᠰᠠᠨᠠᠭᠠᠴᠢᠯᠠᠵᠤ᠂ ︽ᠨᠣᠮ ᠤᠨ ᠦᠨᠦᠷ ᠬᠠᠩᠬᠤᠯᠤᠭᠰᠠᠨ ᠰᠦᠩᠱᠠᠨ︾ ᠤ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠪᠠᠷ ᠳᠠᠮᠵᠢᠭᠤᠯᠵᠤ᠂ ᠤᠩᠰᠢᠭᠴᠢᠳ ᠲᠤ ᠰᠢᠯᠢᠳᠡᠭ ᠰᠠᠶᠢᠨ ᠰᠤᠷᠤᠯᠴᠠᠬᠤ ᠤᠩᠰᠢᠬᠤ ᠣᠷᠴᠢᠨ ᠲᠣᠭᠤᠷᠢᠨ ᠢ ᠡᠭᠦᠳᠴᠦ ᠦᠭᠪᠡ᠃ ᠡᠨᠡ ᠵᠢᠯ ᠤᠨ 1 — 10 ᠰᠠᠷ᠎ᠠ ᠳᠤ᠂ ᠨᠣᠮ ᠤᠨ ᠰᠠᠩ ᠤᠩᠰᠢᠭᠴᠢᠳ ᠲᠤ 10 ᠲᠦᠮᠡ ᠭᠠᠷᠤᠶ ᠬᠥᠮᠦᠨ ᠤᠳᠠᠭ᠎ᠠ ᠦᠢᠯᠡᠴᠢᠯᠡᠪᠡ᠃ ᠤᠩᠰᠢᠭᠴᠢᠳ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠬᠤ ᠶᠢᠨ ᠲᠥᠯᠥᠭᠡ᠂ ᠨᠣᠮ ᠤᠨ ᠰᠠᠩ ᠨᠡᠭᠡᠭᠡᠬᠦ ᠴᠠᠭ ᠢᠶᠠᠨ ᠨᠡᠮᠡᠭᠳᠡᠭᠦᠯᠵᠦ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠬᠡᠪ ᠤᠨ ᠶᠣᠰᠣᠭᠠᠷ ᠨᠡᠭᠡᠭᠡᠬᠦ ᠠᠴᠠ ᠭᠠᠳᠠᠨ᠎ᠠ᠂ ᠥᠪᠡᠷ ᠢᠶᠠᠨ ᠰᠤᠷᠤᠯᠴᠠᠬᠤ ᠲᠠᠰᠤᠭ ᠢ ᠣᠷᠣᠶ ᠶᠢᠨ ᠴᠠᠭ ᠢ 21 ᠴᠠᠭ ᠪᠣᠯᠲᠠᠯ᠎ᠠ ᠬᠤᠶᠢᠰᠢᠯᠠᠭᠤᠯᠪᠠ᠃ ᠡᠨᠡ ᠵᠢᠯ ᠠᠴᠠ ᠨᠠᠰᠢ᠂ ᠨᠣᠮ ᠤᠨ ᠰᠠᠩ ᠰᠦᠯᠵᠢᠶᠡᠨ ᠳᠡᠭᠡᠷᠡᠬᠢ ᠨᠣᠮ ᠤᠩᠰᠢᠬᠤ ᠠᠵᠢᠯᠯᠠᠭ᠎ᠠ ᠶᠢ 59 ᠤᠳᠠᠭ᠎ᠠ᠂ ᠰᠦᠯᠵᠢᠶᠡᠨ ᠭᠠᠳᠠᠨᠠᠬᠢ ᠠᠵᠢᠯᠯᠠᠭ᠎ᠠ ᠶᠢ 11 ᠤᠳᠠᠭ᠎ᠠ ᠡᠷᠭᠢᠯᠡᠵᠦ᠂ ᠣᠷᠣᠯᠴᠠᠭᠰᠠᠨ ᠬᠥᠮᠦᠨ ᠤ ᠲᠤᠭ᠎ᠠ 74000 ᠭᠠᠷᠤᠶ ᠬᠥᠮᠦᠨ ᠤᠳᠠᠭ᠎ᠠ ᠳᠤ ᠬᠦᠷᠴᠡᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号