︽ᠬᠡᠭᠡᠷ᠎ᠡ ᠪᠠᠭᠤᠳᠠᠯᠯᠠᠬᠤ ᠵᠢᠭᠤᠯᠴᠢᠯᠠᠯ ᠰᠡᠯᠡᠭᠦᠴᠡᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/11/14
    2022 ᠣᠨ ᠤ 11 ᠰᠠᠷ᠎ᠠ ᠶᠢᠨ 13 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠵᠡᠷᠭᠡ 14 ᠰᠠᠯᠠᠭ᠎ᠠ ᠮᠥᠴᠢᠷ ︽ᠬᠡᠭᠡᠷ᠎ᠡ ᠪᠠᠭᠤᠳᠠᠯᠯᠠᠬᠤ ᠵᠢᠭᠤᠯᠴᠢᠯᠠᠯ ᠰᠡᠯᠡᠭᠦᠴᠡᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃ ᠰᠠᠨᠠᠯ ᠳᠤ ᠵᠢᠭᠠᠵᠤ ᠭᠠᠷᠭᠠᠭᠰᠠᠨ ᠨᠢ᠂ ᠣᠯᠠᠨ ᠨᠡᠶᠢᠲᠡ ᠶᠢᠨ ᠬᠤᠸᠠᠷᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠬᠤᠸᠠᠷᠠᠨ ᠤ ᠬᠡᠪᠴᠢᠶ᠎ᠡ ᠶᠢ ᠥᠷᠭᠡᠳᠬᠡᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠵᠡᠩᠨᠡᠯᠲᠡ ᠶᠢᠨ ᠴᠢᠨᠠᠷᠲᠠᠶ ᠡᠵᠡᠩᠨᠡᠯᠲᠡ ᠶᠢᠨ ᠭᠠᠵᠠᠷ ᠤᠨ ᠵᠢᠷᠤᠮᠵᠢᠯ ᠲᠠᠢ ᠪᠥᠲᠥᠭᠡᠨ ᠪᠠᠶᠢᠭᠤᠯᠤᠯᠲᠠ ᠶᠢ ᠵᠣᠷᠢᠭᠵᠢᠭᠤᠯᠤᠨ ᠳᠡᠮᠵᠢᠵᠦ᠂ ᠬᠡᠭᠡᠷ᠎ᠡ ᠪᠠᠭᠤᠳᠠᠯᠯᠠᠬᠤ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃    ᠰᠠᠨᠠᠯ ᠳᠤ ᠲᠣᠳᠣᠷᠬᠠᠶ ᠲᠣᠭᠲᠠᠭᠠᠭᠰᠠᠨ ᠨᠢ᠂ ᠬᠡᠭᠡᠷ᠎ᠡ ᠪᠠᠭᠤᠳᠠᠯᠯᠠᠵᠤ ᠵᠤᠭᠠᠴᠠᠨ ᠰᠡᠯᠡᠭᠦᠴᠡᠬᠦ ᠭᠡᠳᠡᠭ ᠪᠣᠯ ᠬᠡᠷ ᠤᠨ ᠭᠠᠳᠠᠨ᠎ᠠ ᠥᠪᠡᠰᠦᠪᠡᠨ ᠪᠡᠯᠡᠳᠬᠡᠭᠰᠡᠨ ᠪᠤᠶᠤ ᠲᠦᠷᠢᠶᠡᠰᠦᠯᠡᠭᠰᠡᠨ ᠲᠥᠬᠦᠭᠡᠷᠦᠮᠵᠢ ᠶᠢ ᠬᠡᠷᠡᠭᠯᠡᠨ ᠰᠡᠯᠡᠭᠦᠴᠡᠨ ᠵᠤᠭᠠᠯᠠᠬᠤ᠂ ᠪᠡᠶ᠎ᠡ ᠶᠢᠨ ᠲᠠᠮᠢᠷ ᠤᠨ ᠵᠤᠭ᠎ᠠ ᠴᠡᠩᠭᠡᠯ᠂ ᠪᠠᠶᠢᠭᠠᠯᠢ ᠶᠢᠨ ᠰᠤᠷᠭᠠᠨ ᠬᠥᠮᠦᠵᠢᠯ ᠵᠡᠷᠭᠡ ᠪᠠᠷ ᠭᠤᠤᠯ ᠵᠣᠷᠢᠯᠭ᠎ᠠ ᠪᠣᠯᠭᠠᠵᠤ᠂ ᠲᠣᠳᠣᠷᠬᠠᠶ ᠬᠦᠷᠢᠶ᠎ᠡ ᠬᠡᠪᠴᠢᠶ᠎ᠡ ᠪᠠ ᠵᠣᠬᠢᠴᠠᠩᠭᠤᠶ ᠲᠥᠬᠦᠭᠡᠷᠦᠮᠵᠢ ᠲᠠᠢ ᠪᠠᠭᠤᠴᠠ ᠶᠢᠨ ᠭᠠᠵᠠᠷ ᠲᠤ ᠰᠠᠭᠤᠬᠤ ᠠᠵᠢᠯᠯᠠᠭ᠎ᠠ ᠶᠢ ᠵᠢᠭᠠᠵᠤ ᠪᠠᠶᠢᠨ᠎ᠠ᠃    ᠰᠠᠨᠠᠯ ᠳᠤ ᠳᠤᠷᠠᠳᠤᠭᠰᠠᠨ ᠨᠢ᠂ ᠬᠤᠯᠪᠣᠭᠳᠠᠯ ᠪᠥᠬᠦᠶ ᠲᠣᠭᠲᠠᠭᠠᠯ ᠪᠠ ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠤᠷ᠎ᠠ᠂ ᠬᠡᠯᠪᠡᠷᠢ ᠪᠠᠨ ᠬᠤᠪᠢᠷᠠᠭᠤᠯᠤᠨ ᠤᠬᠤᠷᠢᠨ ᠭᠠᠷᠤᠭᠰᠠᠨ ᠭᠤᠯᠹ ᠪᠥᠮᠪᠦᠭᠡ ᠶᠢᠨ ᠲᠠᠯᠠᠪᠤᠷ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠵᠡᠷᠭᠡ ᠲᠦᠷᠦᠯ ᠵᠦᠢᠯ ᠤᠨ ᠰᠠᠭᠤᠷᠢᠨ ᠳᠡᠭᠡᠷ᠎ᠡ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠰᠡᠯᠡᠭᠦᠴᠡᠯ ᠤᠨ ᠦᠢᠯᠡᠴᠢᠯᠡᠭᠡ ᠶᠢ ᠬᠥᠭᠵᠢᠭᠦᠯᠬᠦ ᠶᠢ ᠰᠦᠪᠡᠭᠴᠢᠯᠡᠨ ᠳᠡᠮᠵᠢᠨ᠎ᠡ᠃ ᠨᠥᠬᠦᠴᠡᠯ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠠᠮᠠᠷᠠᠯᠲᠠ ᠶᠢᠨ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠴᠢᠭ᠂ ᠬᠤᠲᠠ ᠲᠣᠭᠤᠷᠢᠭᠰᠠᠨ ᠵᠤᠭᠠᠴᠠᠯ ᠤᠨ ᠪᠦᠰᠡ᠂ ᠬᠤᠲᠠ ᠶᠢᠨ ᠲᠡᠭᠦᠷᠭᠡ ᠶᠢᠨ ᠴᠡᠴᠡᠷᠯᠢᠭ᠂ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠶᠢ ᠵᠣᠷᠢᠭᠵᠢᠭᠤᠯᠵᠤ᠂ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠤᠷ᠎ᠠ᠂ ᠬᠡᠭᠡᠷ᠎ᠡ ᠪᠠᠭᠤᠳᠠᠯᠯᠠᠵᠤ ᠰᠡᠯᠡᠭᠦᠴᠡᠬᠦ ᠴᠢᠳᠠᠮᠵᠢᠳᠣ ᠣᠷᠣᠨ ᠢ ᠬᠤᠪᠢᠶᠠᠷᠢᠯᠠᠨ ᠭᠠᠷᠭᠠᠵᠤ᠂ ᠬᠡᠭᠡᠷ᠎ᠡ ᠪᠠᠭᠤᠳᠠᠯᠯᠠᠬᠤ ᠦᠢᠯᠡᠴᠢᠯᠡᠭᠡ ᠬᠠᠩᠭᠠᠨ᠎ᠠ᠃ ᠬᠤᠲᠠ ᠶᠢᠨ ᠴᠡᠴᠡᠷᠯᠢᠭ ᠨᠢ ᠰᠤᠯᠠ ᠭᠠᠵᠠᠷ᠂ ᠵᠦᠯᠭᠡ ᠶᠢᠨ ᠣᠷᠣᠨ ᠪᠤᠶᠤ ᠣᠶ ᠶᠢᠨ ᠬᠤᠷᠮᠣᠶ ᠶᠢᠨ ᠣᠷᠣᠨ ᠵᠠᠶ ᠶᠢ ᠠᠰᠢᠭᠯᠠᠨ ᠬᠤᠨᠤᠭ ᠤᠨ ᠪᠤᠰᠤ ᠮᠠᠶᠢᠬᠠᠨ ᠤ ᠣᠷᠣᠨ ᠲᠣᠭᠤᠷᠢᠭ ᠢ ᠬᠤᠪᠢᠶᠠᠷᠢᠯᠠᠨ ᠲᠣᠭᠲᠠᠭᠠᠵᠤ᠂ ᠣᠯᠠᠨ ᠲᠦᠮᠡᠨ ᠤ ᠰᠡᠯᠡᠭᠦᠴᠡᠯ ᠤᠨ ᠠᠵᠢᠯᠯᠠᠭ᠎ᠠ ᠳᠤ ᠬᠡᠷᠡᠭᠯᠡᠭᠦᠯᠬᠦ ᠪᠠᠷ ᠬᠠᠩᠭᠠᠬᠤ ᠶᠢ ᠵᠣᠷᠢᠭᠵᠢᠭᠤᠯᠤᠨ᠎ᠠ᠃ ᠰᠠᠨᠠᠯ ᠳᠤ ᠪᠠᠰᠠ ᠴᠢᠬᠤᠯᠠᠴᠢᠯᠠᠭᠰᠠᠨ ᠨᠢ᠂ ᠰᠣᠬᠤᠷ ᠪᠠᠯᠠᠶ ᠪᠠᠷ ᠲᠥᠷᠥᠯ ᠵᠦᠢᠯ ᠢ ᠡᠬᠢᠯᠡᠭᠦᠯᠵᠦ᠂ ᠮᠠᠭᠤ ᠥᠷᠢᠰᠥᠯᠳᠦᠭᠡᠨ ᠠᠴᠠ ᠵᠠᠶᠢᠯᠠᠰᠬᠢᠬᠦ ᠬᠡᠷᠡᠭᠲᠡᠶ᠃    ᠰᠠᠨᠠᠯ ᠳᠤ ᠱᠠᠭᠠᠷᠳᠠᠭᠰᠠᠨ ᠨᠢ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠰᠡᠯᠡᠭᠦᠴᠡᠯ ᠤᠨ ᠡᠵᠡᠩᠨᠡᠯᠲᠡ ᠶᠢᠨ ᠭᠤᠤᠯ ᠴᠣᠭᠴᠠ ᠨᠤᠭᠤᠳ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠣᠯᠠᠨ ᠨᠡᠶᠢᠲᠡ ᠶᠢᠨ ᠬᠤᠸᠠᠷᠠᠨ ᠳᠤ ᠦᠨ᠎ᠡ ᠬᠠᠩᠰᠢ ᠶᠢ ᠢᠯᠡ ᠬᠠᠳᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠲᠠᠢ ᠪᠠᠶᠢᠬᠤ ᠬᠡᠷᠡᠭᠲᠡᠶ᠂ ᠵᠢᠭᠤᠯᠴᠢᠯᠠᠭᠴᠢᠳ ᠡᠷᠬᠡᠪᠰᠢ ᠮᠡᠳᠡᠬᠦ ᠬᠡᠷᠡᠭᠲᠡᠶ᠂ ᠦᠨᠡᠨ ᠪᠣᠳᠠᠲᠠᠶ ᠵᠥᠪ ᠣᠨᠣᠪᠴᠢᠲᠠᠶ ᠤᠬᠠᠭᠤᠯᠭ᠎ᠠ ᠶᠢᠨ ᠡᠵᠡᠩᠨᠡᠨ ᠪᠣᠷᠣᠯᠠᠭᠤᠯᠬᠤ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号