︽ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/11/14
     2022 ᠣᠨ ᠤ 7 ᠰᠠᠷ᠎ᠠ ᠶᠢᠨ 8 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠶ ᠣᠷᠴᠢᠨ ᠠᠬᠤᠶ ᠶᠢᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠵᠡᠷᠭᠡ 10 ᠰᠠᠯᠠᠭ᠎ᠠ ᠮᠥᠴᠢᠷ ᠬᠠᠮᠲᠤᠷᠠᠨ ︽ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠂ ᠳᠣᠷᠣᠭᠰᠢ ︽ᠰᠠᠨᠠᠯ︾ ᠭᠡᠵᠦ ᠲᠣᠪᠴᠢᠯᠠᠨ᠎ᠠ᠃    ︽ᠰᠠᠨᠠᠯ︾ ᠳᠤ ᠳᠤᠷᠠᠳᠤᠭᠰᠠᠨ ᠨᠢ᠂ 2025 ᠣᠨ ᠪᠣᠯᠬᠤ ᠳᠤ᠂ ᠪᠠᠶᠢᠷᠢᠰᠢᠯ ᠨᠢ ᠵᠦᠢ ᠵᠣᠬᠢᠰᠲᠠᠶ᠂ ᠬᠡᠪᠴᠢᠶ᠎ᠡ ᠨᠢ ᠲᠣᠬᠢᠷᠠᠮᠵᠢᠲᠠᠶ᠂ ᠠᠭᠤᠯᠤᠭᠳᠠᠬᠤᠨ ᠨᠢ ᠪᠠᠶᠠᠯᠢᠭ᠂ ᠣᠨᠴᠠᠯᠢᠭ ᠨᠢ ᠢᠯᠡ ᠲᠣᠳᠣ᠂ ᠦᠢᠯᠡᠴᠢᠯᠡᠭᠡ ᠨᠢ ᠴᠢᠨᠠᠷ ᠰᠠᠶᠢᠲᠠᠶ ᠬᠥᠳᠡᠭᠡ ᠲᠣᠰᠬᠤᠨ ᠤ ᠣᠷᠣᠨ ᠰᠠᠭᠤᠴᠠ ᠶᠢᠨ ᠬᠥᠭᠵᠢᠯᠲᠡ ᠶᠢᠨ ᠪᠠᠶᠢᠷᠢᠰᠢᠯ ᠢ ᠠᠩᠬ᠎ᠠ ᠠᠯᠬᠤᠮ ᠪᠤᠶ ᠪᠣᠯᠭᠠᠵᠤ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ ᠬᠠᠩᠭᠠᠯᠭ᠎ᠠ ᠶᠢ ᠡᠭᠦᠳᠬᠦ ᠬᠡᠷᠡᠭᠴᠡᠭᠡ ᠶᠢᠨ ᠲᠡᠩᠴᠡᠭᠦᠷᠢ ᠶᠢᠨ ᠪᠠᠶᠢᠳᠠᠯ ᠨᠡᠩ ᠢᠯᠡᠷᠬᠡᠢ ᠪᠤᠯᠵᠤ᠂ ᠤᠯᠠᠨ ᠳᠡᠰ ᠳᠠᠪᠬᠤᠷᠭ᠎ᠠ ᠶᠢᠨ᠂ ᠥᠪᠡᠷᠮᠢᠴᠡᠵᠢᠭᠰᠡᠨ᠂ ᠶᠠᠰᠤ ᠴᠢᠨᠠᠷᠵᠢᠭᠰᠠᠨ ᠤᠯᠠᠨ ᠨᠡᠶᠢᠲᠡ ᠶᠢᠨ ᠵᠤᠭᠠᠴᠠᠯ ᠤᠨ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ᠂ ᠬᠥᠭᠵᠢᠯᠲᠡ ᠶᠢᠨ ᠦᠷ᠎ᠡ ᠠᠰᠢᠭ᠂ ᠳᠠᠶᠢᠴᠢᠯᠠᠬᠤ ᠦᠢᠯᠡᠳᠦᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠲᠤᠰᠠᠯᠠᠬᠤ ᠪᠡᠯᠭᠡ ᠲᠡᠮᠳᠡᠭ ᠤᠨ ᠴᠢᠨᠠᠷᠲᠠᠢ ᠦᠢᠯᠡᠳᠬᠦᠨ ᠪᠤᠯᠭᠠᠨ᠎ᠠ᠃    ︽ᠰᠠᠨᠠᠯ︾ ᠳᠤ ︽ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢ ᠰᠢᠯᠢᠳᠡᠭᠵᠢᠭᠦᠯᠬᠦ︾ ︽ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠦᠢᠯᠡᠳᠬᠦᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ︾ ︽ᠵᠢᠷᠤᠮᠵᠢᠭᠰᠠᠨ ᠬᠥᠭᠵᠢᠯᠲᠡ ᠶᠢ ᠬᠥᠲᠥᠯᠦᠨ ᠵᠢᠯᠣᠭᠤᠳᠴᠤ᠂ ᠨᠠᠷᠠᠲᠤ ᠲᠡᠮᠳᠡᠭᠲᠦ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠬᠤ︾ ︽ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠬᠤ︾ ︽ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠵᠦᠶ ᠵᠣᠬᠢᠰᠲᠠᠶ ᠬᠡᠷᠡᠭᠯᠡᠭᠡ ᠶᠢ ᠬᠥᠲᠥᠯᠦᠨ ᠵᠢᠯᠣᠭᠤᠳᠬᠤ︾ ᠵᠡᠷᠭᠡ 5 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠦᠯᠦᠪᠵᠢᠭᠦᠯᠪᠡ᠃ ᠡᠭᠦᠨ ᠳᠤ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠨᠡᠪᠲᠡᠷᠡᠬᠦ ᠴᠢᠨᠠᠷ᠂ ᠳᠥᠭᠦᠮ ᠳᠥᠲᠡ ᠶᠢᠨ ᠬᠡᠮᠵᠢᠶ᠎ᠡ ᠪᠠ ᠲᠠᠭᠠᠯᠠᠮᠵᠢᠲᠠᠶ ᠰᠡᠳᠬᠢᠯᠭᠡ ᠶᠢ ᠳᠡᠭᠡᠭᠰᠢᠯᠡᠭᠦᠯᠦᠨ᠎ᠡ︔ ᠪᠠᠶᠢᠭᠠᠯᠢ ᠶᠢᠨ ᠣᠷᠴᠢᠨ ᠲᠣᠭᠤᠷᠢᠨ᠂ ᠬᠥᠮᠦᠨ ᠰᠣᠶᠣᠯ ᠤᠨ ᠦᠵᠡᠮᠵᠢ᠂ ᠲᠡᠤᠬᠡ ᠰᠣᠶᠣᠯ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠷᠢᠯᠭ᠎ᠠ ᠵᠡᠷᠭᠡ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠨ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠣᠨᠴᠠᠯᠢᠭ ᠢ ᠳᠣᠪᠤᠶᠢᠯᠭᠠᠨ᠎ᠠ︔ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠤᠯᠤᠰ᠂ ᠠᠵᠢᠯ ᠲᠥᠷᠥᠯ ᠤᠨ ᠬᠠᠮᠢᠶ᠎ᠠ ᠪᠥᠬᠦᠶ ᠪᠠᠷᠢᠮᠵᠢᠶ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠨᠢᠭᠡ ᠪᠦᠯᠦᠭ ᠬᠥᠳᠡᠭᠡ ᠲᠣᠰᠬᠤᠨ ᠤ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠪᠤᠶᠢᠵᠢᠭᠤᠯᠤᠨ᠎ᠠ︔ ᠲᠠᠷᠢᠶᠠᠴᠢᠨ ᠡᠷᠦᠬᠡ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠬᠤᠷᠰᠢᠶ᠎ᠠ᠂ ᠠᠵᠤ ᠠᠬᠤᠶᠢᠯᠠᠯ᠂ ᠠᠳᠠᠯ ᠦᠢᠯᠡᠰ ᠴᠣᠭᠴᠠᠯᠠᠭᠴᠢ ᠴᠢᠳᠠᠪᠤᠷᠢᠲᠠᠨ ᠵᠡᠷᠭᠡ ᠣᠯᠠᠨ ᠡᠰᠢᠲᠦ ᠪᠠᠯᠠ ᠣᠷᠣᠭᠤᠯᠤᠨ ᠡᠵᠡᠩᠨᠡᠬᠦ ᠭᠤᠤᠯ ᠴᠣᠭᠴᠠ ᠶᠢ ᠢᠳᠡᠪᠬᠢᠲᠡᠶ ᠪᠠᠷ ᠲᠡᠳᠡᠨ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ︔ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠶᠢ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ᠂ ᠴᠤᠭᠯᠠᠭᠠᠨ ᠦᠵᠡᠰᠬᠦᠯᠡᠩ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠠᠭᠤᠯᠭ᠎ᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠠᠪᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号