2022 ᠣᠨ ᠤ 10 ᠰᠠᠷ᠎ᠠ ᠶᠢᠨ 25 ᠤ ᠡᠳᠦᠷ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠯᠤᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ︽︿ᠠᠷᠪᠠᠨ ᠳᠥᠷᠪᠡᠳᠦᠭᠡᠷ ᠲᠠᠪᠤᠨ ᠵᠢᠯ﹀ | ᠤᠨ ᠬᠤᠭᠤᠴᠠᠭᠠᠨ ᠤ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭᠠᠨ ᠤ ᠲᠥᠰᠦᠯ︾ ︵ | ᠳᠣᠷᠣᠭᠰᠢ ︽ᠠᠵᠢᠯᠯᠠᠭᠠᠨ ᠤ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠲᠥᠰᠦᠯ︾ | ᠳᠤ᠂ 2025 ᠣᠨ ᠪᠣᠯᠬᠤ ᠳᠤ᠂ ᠪᠦᠬᠦ ᠤᠯᠤᠰ ᠤᠨ ᠲᠣᠰᠬᠤᠨ ᠤ ᠨᠣᠭᠤᠭᠠᠷᠠᠭᠤᠯᠤᠯᠲᠠ ᠶᠢᠨ ᠳᠤᠮᠳᠠᠴᠢ | ᠪᠦᠷᠬᠦᠴᠡ ᠶᠢ 32% ᠲᠤ ᠬᠦᠷᠭᠡᠵᠦ᠂ ᠤᠯᠤᠰ ᠤᠨ ᠤᠢ ᠰᠢᠭᠤᠢ ᠶᠢᠨ ᠬᠥᠳᠡᠭᠡ ᠲᠣᠰᠬᠤᠨ ᠢ ᠪᠦᠬᠦ ᠲᠠᠯ᠎ᠠ ᠪᠠᠷ | ᠪᠠᠬᠢᠵᠢᠭᠦᠯᠦᠨ ᠳᠡᠭᠡᠭᠰᠢᠯᠡᠭᠦᠯᠵᠦ᠂ ᠨᠢᠭᠡ ᠪᠦᠯᠦᠭ ᠤᠯᠤᠰ ᠤᠨ ᠥᠮᠴᠢᠯᠡᠯ ᠤᠨ ᠰᠢᠭᠤᠶᠢᠲᠤ ᠣᠷᠣᠨ᠂ ᠤᠯᠤᠰ ᠤᠨ | ᠥᠮᠴᠢᠯᠡᠯ ᠤᠨ ᠤᠢ ᠰᠢᠭᠤᠢ ᠶᠢᠨ ᠲᠠᠯᠠᠪᠠᠢ ᠶᠢᠨ ᠣᠷᠣᠰᠢᠨ ᠰᠠᠭᠤᠬᠤ ᠭᠠᠵᠠᠷ ᠢ ᠨᠣᠭᠤᠭᠠᠷᠠᠭᠤᠯᠵᠤ᠂ ᠨᠢᠭᠡ ᠪᠦᠯᠦᠭ | ᠣᠷᠣᠨ ᠨᠤᠲᠤᠭ ᠤᠨ ᠣᠨᠴᠠᠯᠢᠭ ᠲᠠᠢ ᠤᠢ ᠰᠢᠭᠤᠢ ᠶᠢᠨ ᠬᠥᠳᠡᠭᠡ ᠲᠣᠰᠬᠤᠨ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠦᠳᠦᠬᠡᠨ ᠪᠠᠶᠢᠭᠤᠯᠵᠤ᠂ ᠬᠥᠳᠡᠭᠡ ᠲᠣᠰᠬᠤᠨ ᠤ ᠪᠠᠶᠢᠭᠠᠯᠢ ᠶᠢᠨ ᠠᠮᠢ ᠠᠬᠤᠢ ᠶᠢ ᠪᠦᠬᠦ | ᠲᠠᠯ᠎ᠠ ᠪᠠᠷ ᠬᠠᠮᠠᠭᠠᠯᠠᠵᠤ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠲᠦᠪᠰᠢᠨ ᠢ ᠮᠡᠳᠡᠭᠳᠡᠮ᠎ᠡ | ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠤᠨ᠎ᠠ ᠭᠡᠵᠦ ᠵᠢᠭᠠᠵᠤ ᠭᠠᠷᠭᠠᠪᠠ᠃ | ︽ᠲᠥᠰᠦᠯ︾ ᠳᠤ ᠬᠤᠯᠪᠣᠭᠳᠠᠯ ᠪᠥᠬᠦᠶ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠤᠬᠢᠶᠠᠬᠤ᠂ ᠬᠥᠳᠡᠭᠡ ᠲᠣᠰᠬᠤᠨ ᠤ ᠪᠠᠶᠢᠭᠠᠯᠢ ᠶᠢᠨ ᠠᠮᠢ ᠠᠬᠤᠶ ᠶᠢ ᠬᠠᠮᠠᠭᠠᠯᠠᠬᠤ᠂ ᠬᠥᠳᠡᠭᠡ ᠲᠣᠰᠬᠤᠨ ᠤ | ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠬᠦ᠂ ᠨᠣᠭᠤᠭᠠᠷᠠᠭᠤᠯᠤᠯᠲᠠ ᠶᠢᠨ ᠶᠠᠰᠤ ᠴᠢᠨᠠᠷ ᠢ | ᠬᠦᠴᠦᠯᠡᠨ ᠳᠡᠭᠡᠭᠰᠢᠯᠡᠭᠦᠯᠬᠦ᠂ ᠪᠣᠬᠢᠷᠲᠤᠯ ᠥᠬᠡᠶ ᠪᠠᠷ ᠠᠷᠠᠳ ᠲᠤ ᠠᠰᠢᠭ ᠬᠦᠷᠲᠡᠭᠡᠬᠦ ᠠᠵᠤ ᠦᠢᠯᠡᠰ ᠢ | ᠬᠦᠭᠵᠢᠭᠦᠯᠬᠦ᠂ ᠬᠥᠳᠡᠭᠡ ᠲᠣᠰᠬᠤᠨ ᠤ ᠠᠮᠢ ᠠᠬᠤᠶ ᠶᠢᠨ ᠰᠣᠶᠣᠯ ᠢ ᠪᠠᠳᠠᠷᠠᠭᠤᠯᠬᠤ᠂ ᠤᠯᠤᠰ ᠤᠨ ᠥᠮᠴᠢᠯᠡᠯ ᠤᠨ | ᠣᠶ ᠰᠢᠭᠤᠶ ᠶᠢᠨ ᠲᠠᠯᠠᠪᠠᠶ ᠣᠶᠢᠲᠤ ᠣᠷᠣᠨ ᠤ ᠪᠣᠬᠢᠷᠲᠤᠯ ᠥᠬᠡᠶ ᠬᠥᠭᠵᠢᠯᠲᠡ ᠶᠢ ᠳᠥᠯᠭᠢᠨ ᠠᠬᠢᠭᠤᠯᠬᠤ᠂ ᠣᠷᠳᠣ | ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠨᠡᠶᠢᠲᠡᠯᠢᠭ | ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠢ ᠴᠢᠩᠭᠠᠳᠬᠠᠬᠤ ᠵᠡᠷᠭᠡ ᠶᠢᠰᠦᠨ ᠶᠡᠭᠡ ᠭᠤᠤᠯ ᠡᠭᠦᠷᠭᠡ ᠪᠠ | ᠠᠵᠢᠯᠯᠠᠭᠠᠨ ᠤ ᠲᠥᠯᠥᠪᠯᠡᠭᠡ ᠶᠢ ᠲᠣᠳᠣᠷᠬᠠᠶ ᠲᠤᠭᠲᠠᠭᠠᠪᠠ᠃ | ︽ᠲᠥᠰᠦᠯ︾ ᠳᠤ ᠲᠣᠳᠣᠷᠬᠠᠶ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠠᠭᠤᠯᠠ ᠤᠰᠤ ᠲᠠᠷᠢᠶᠠᠨ | ᠭᠠᠵᠠᠷ᠂ ᠭᠤᠤᠯ ᠨᠠᠭᠤᠷ ᠴᠢᠭᠢᠭᠯᠢᠭ ᠭᠠᠵᠠᠷ᠂ ᠠᠩᠬᠠᠨ ᠤ ᠤᠷᠭᠤᠮᠠᠯ ᠤᠨ ᠬᠤᠴᠢᠯᠭ᠎ᠠ ᠶᠢ ᠬᠠᠮᠠᠭᠠᠯᠠᠬᠤ ᠶᠢ | ᠳᠣᠪᠤᠶᠢᠯᠭᠠᠵᠤ᠂ ᠬᠥᠳᠡᠭᠡ ᠲᠣᠰᠬᠤᠨ ᠤ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠣᠭ ᠴᠢᠨᠠᠷ ᠪᠠ ᠪᠦᠷᠢᠨ | ᠪᠦᠲᠦᠨ ᠴᠢᠨᠠᠷ ᠢ ᠬᠠᠮᠠᠭᠠᠯᠠᠬᠤ ᠬᠡᠷᠡᠭᠲᠡᠶ᠃ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠵᠦ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ | ᠡᠯᠡᠰᠦᠨ ᠤ ᠰᠢᠰᠲ᠋ᠧᠮ ᠤᠨ ᠵᠠᠰᠠᠯᠲᠠ ᠶᠢ ᠨᠢᠭᠡᠳᠦᠯᠲᠡᠶ ᠲᠥᠯᠥᠪᠯᠡᠵᠦ᠂ ᠤᠢ ᠰᠢᠭᠤᠶ ᠡᠪᠡᠰᠦ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠢᠨᠵᠢᠯᠡᠬᠦ ᠤᠬᠠᠭᠠᠨᠴᠢ ᠪᠠᠷ ᠰᠡᠷᠭᠦᠭᠡᠬᠦ ᠬᠡᠷᠡᠭᠲᠡᠶ᠃ ︽ᠠᠭᠤᠯᠠᠷᠬᠠᠭ ᠭᠠᠵᠠᠷ ᠢ ᠤᠢ | ᠰᠢᠭᠤᠶᠢᠵᠢᠭᠤᠯᠬᠤ᠂ ᠲᠠᠷᠢᠶᠠᠨ ᠭᠠᠵᠠᠷ ᠢ ᠲᠣᠣᠷᠵᠢᠭᠤᠯᠬᠤ᠂ ᠠᠶᠢᠯ ᠲᠣᠰᠬᠤᠨ ᠢ ᠴᠡᠴᠡᠷᠯᠢᠭᠵᠢᠭᠦᠯᠬᠦ᠂ ᠵᠠᠮ ᠢ ᠤᠢ | ᠰᠢᠭᠤᠶᠢᠵᠢᠭᠤᠯᠬᠤ᠂ ᠬᠦᠷᠢᠶ᠎ᠡ ᠬᠠᠰᠢᠶ᠎ᠠ ᠶᠢ ᠴᠡᠴᠡᠭᠯᠡᠭᠦᠯᠦᠨ ᠵᠢᠮᠢᠰᠵᠢᠭᠦᠯᠬᠦ︾ ᠶᠢ ᠪᠡᠶᠡᠯᠡᠭᠦᠯᠬᠦ ᠶᠢ ᠲᠦᠯᠬᠢᠨ | ᠠᠬᠢᠭᠤᠯᠬᠤ ᠬᠡᠷᠡᠭᠲᠡᠶ᠃ | ︽ᠲᠥᠰᠦᠯ︾ ᠳᠤ ᠪᠠᠰᠠ ᠵᠣᠬᠢᠶᠠᠨ ᠪᠠᠶᠢᠭᠤᠯᠵᠤ ᠤᠳᠤᠷᠢᠳᠬᠤ᠂ ᠠᠬᠢᠭᠤᠯᠬᠤ ᠲᠣᠭᠲᠠᠴᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠲᠠᠯ᠎ᠠ ᠪᠠᠷ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠭᠰᠠᠨ ᠪᠠᠶᠢᠨ᠎ᠠ᠃ ᠨᠡᠶᠢᠭᠡᠮ ᠤᠨ ᠬᠥᠷᠥᠩᠭᠡ ᠶᠢᠨ ᠬᠥᠳᠡᠭᠡ ᠲᠣᠰᠬᠤᠨ ᠤ | ᠨᠣᠭᠤᠭᠠᠷᠠᠭᠤᠯᠤᠯᠲᠠ ᠭᠤᠶᠤᠵᠢᠭᠤᠯᠤᠯᠲᠠ ᠳᠤ ᠤᠷᠤᠯᠴᠠᠬᠤ ᠶᠢ ᠵᠤᠷᠢᠭᠵᠢᠭᠤᠯᠵᠤ᠂ ᠣᠶ ᠰᠢᠭᠤᠶ ᠡᠪᠡᠰᠦ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠪᠠᠷ ᠤᠳᠤᠷᠢᠳᠤᠮᠵᠢ ᠪᠣᠯᠭᠠᠭᠰᠠᠨ ᠪᠦᠲᠦᠭᠡᠨ | ᠪᠠᠶᠢᠭᠤᠯᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠲᠥᠪᠯᠡᠷᠡᠨ ᠵᠠᠯᠭᠠᠯᠳᠤᠭᠰᠠᠨ ᠣᠶ ᠰᠢᠭᠤᠶ ᠡᠪᠡᠰᠦ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠥᠷᠨᠢᠭᠦᠯᠦᠭᠡᠳ ᠵᠣᠬᠢᠬᠤ ᠬᠡᠪᠴᠢᠶ᠎ᠡ ᠪᠠ ᠵᠢᠱᠢᠭᠰᠡᠨ | ᠬᠠᠷᠠᠯᠲᠠ ᠳᠤ ᠬᠦᠷᠦᠭᠰᠡᠨ ᠡᠵᠡᠩᠨᠡᠯᠲᠡ ᠶᠢᠨ ᠭᠤᠤᠯ ᠴᠣᠭᠴᠠ ᠳᠤ᠂ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠤᠷ᠎ᠠ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ | ᠭᠠᠵᠠᠷ ᠬᠠᠩᠭᠠᠬᠤ ᠭᠠᠷᠳᠠᠮ ᠢ ᠬᠠᠤᠯᠢ ᠶᠣᠰᠣᠭᠠᠷ ᠭᠦᠢᠴᠡᠳᠬᠡᠭᠰᠡᠨ ᠤ ᠳᠠᠷᠠᠭ᠎ᠠ᠂ 3% ᠠᠴᠠ ᠬᠡᠲᠦᠷᠡᠬᠦ ᠥᠬᠡᠶ | ᠵᠠᠰᠠᠨ ᠰᠡᠷᠭᠦᠭᠡᠬᠦ ᠲᠠᠯᠠᠪᠠᠶ ᠶᠢ ᠠᠰᠢᠭᠯᠠᠨ ᠠᠮᠢ ᠠᠬᠤᠶ ᠶᠢᠨ ᠵᠢᠭᠤᠯᠴᠢᠯᠠᠯ᠂ ᠣᠶ ᠰᠢᠭᠤᠶ ᠶᠢᠨ ᠡᠷᠡᠭᠦᠯᠵᠢᠯ | ᠰᠤᠪᠢᠯᠠᠯᠲᠠ ᠵᠡᠷᠭᠡ ᠬᠠᠮᠢᠶ᠎ᠠ ᠪᠥᠬᠦᠶ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠳᠤ ᠬᠡᠷᠡᠭᠯᠡᠵᠦ ᠪᠣᠯᠤᠨ᠎ᠠ᠃ |