ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ︽ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠳᠠᠬᠢᠨ ᠰᠠᠨᠠᠭᠠᠯᠵᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠪᠡ
ᠨᠡᠶᠢᠲᠡᠯᠡᠭᠰᠡᠨ ᠴᠠᠭ᠄
2023/11/16
     11 ᠰᠠᠷ᠎ᠠ ᠶᠢᠨ 15 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ︽ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠲᠠᠬᠢᠨ ᠰᠠᠨᠠᠭᠠᠯᠵᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠭᠡᠷ ᠲᠡᠭᠡᠨ ᠪᠠᠶᠢᠭᠰᠠᠨ ᠭᠠᠵᠠᠷ ᠤᠨ ᠲᠡᠰ ᠤᠨ ᠪᠦᠬᠦ ᠤᠳᠤᠷᠢᠳᠤᠯᠭ᠎ᠠ ᠬᠤᠳᠠ ᠶᠢᠨ ᠳᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠣᠷᠳᠣᠨ ᠳᠤ ᠬᠦᠷᠴᠦ ᠲᠣᠭᠤᠷᠢᠨ ᠰᠤᠷᠤᠯᠴᠠᠵᠤ᠂ ᠨᠢᠭᠡ ᠤᠳᠠᠭᠠᠨ ᠤ ᠭᠦᠨ ᠭᠦᠨᠵᠡᠭᠡᠢ ᠦᠵᠡᠯ ᠰᠠᠨᠠᠭᠠᠨ ᠤ ᠤᠬᠢᠶᠠᠯᠭ᠎ᠠ ᠶᠢ ᠬᠦᠯᠢᠶᠡᠪᠡ᠃    ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ ᠤᠨ ᠳᠠᠭᠠᠭᠤᠯᠭ᠎ᠠ ᠪᠠᠷ᠂ ᠣᠷᠣᠯᠴᠠᠭᠰᠠᠨ ᠪᠦᠬᠦ ᠬᠥᠮᠦᠰ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠪᠠ᠃    ᠵᠢᠶᠠᠩ ᠼᠦᠩ ᠨᠡᠷ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠡᠬᠦ ᠳᠠᠩᠰᠠ ᠡᠪᠬᠡᠮᠡᠯ ᠤᠨ ᠲᠤᠯᠭᠤᠷ ᠪᠢᠴᠢᠭ ᠤᠨ ᠦᠵᠡᠭᠦᠯᠦᠯᠭᠡ ᠪᠣᠯᠤᠨ ︽ᠳᠤᠮᠳᠠᠳᠤ ᠤᠯᠤᠰ ᠤᠨ ᠡᠪ ᠬᠠᠮᠲᠤᠴᠤᠳ ᠤᠨ ᠭᠡᠷ ᠤᠨ ᠰᠤᠷᠲᠠᠯ︾ ᠭᠡᠬᠦ ᠳᠠᠩᠰᠠ ᠡᠪᠬᠡᠮᠡᠯ ᠤᠨ ᠦᠵᠡᠭᠦᠯᠦᠯᠭᠡ ᠶᠢ ᠲᠣᠭᠤᠷᠢᠨ ᠦᠵᠡᠪᠡ᠃ ᠤᠯᠠᠨ ᠢᠶᠠᠷ ᠢᠶᠠᠨ ᠬᠤᠪᠣᠷ ᠨᠠᠨᠳᠢᠨ ᠲᠡᠦᠬᠡ ᠶᠢᠨ ᠳᠠᠩᠰᠠ ᠡᠪᠬᠡᠮᠡᠯ ᠪᠣᠯᠤᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠠᠴᠠ ᠨᠠᠮ ᠪᠠᠶᠢᠭᠤᠯᠤᠭᠳᠠᠭᠰᠠᠨ ᠠᠴᠠ ᠨᠠᠰᠢᠬᠢ ᠵᠠᠭᠤᠨ ᠵᠢᠯ ᠤᠨ ᠲᠤᠷᠰᠢᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠤᠭᠤᠷᠠᠰᠢ ᠦᠭᠡᠢ ᠲᠡᠮᠡᠴᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ ᠡᠭᠦᠳᠦᠨ ᠪᠦᠲᠦᠭᠡᠭᠰᠡᠨ ᠠᠭᠤᠤ ᠶᠡᠭᠡ ᠠᠮᠵᠢᠯᠲᠠ ᠪᠦᠲᠦᠮᠵᠢ ᠶᠢ ᠲᠠᠬᠢᠨ ᠡᠷᠭᠢᠴᠡᠭᠦᠯᠵᠦ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠪᠣᠯᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠤ ᠭᠡᠷ ᠤᠨ ᠰᠤᠷᠲᠠᠯ ᠤᠨ ᠦᠯᠢᠭᠡᠷ ᠢ ᠰᠣᠨᠣᠰᠴᠤ᠂ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠣᠶᠢᠯᠠᠭᠠᠵᠤ᠂ ᠬᠤᠪᠢᠰᠬᠠᠯᠲᠤ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠤᠷᠤᠭᠰᠢᠯᠠᠯᠲᠠ ᠶᠢᠨ ᠬᠦᠴᠦᠨ ᠢ ᠰᠢᠩᠭᠡᠭᠡᠨ ᠠᠪᠤᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号