11 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠪᠥᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠬᠢᠨᠠᠨ ᠲᠣᠭᠲᠠᠭᠠᠬᠤ | ᠠᠵᠢᠯ ᠤᠨ ᠬᠤᠷᠠᠯ ᠬᠤᠷᠠᠯᠳᠤᠭᠤᠯᠪᠠ᠂ 11 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠪᠥᠬᠦ | ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠬᠢᠨᠠᠨ | ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠰᠦᠩᠱᠠᠨ ᠲᠣᠭᠤᠷᠢᠭ ᠲᠤ ᠢᠷᠡᠵᠦ ᠪᠥᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠲᠤᠬᠠᠢ ᠶᠢᠨ ᠲᠠᠯᠠᠪᠠᠢ ᠶᠢᠨ ᠬᠢᠨᠠᠨ ᠲᠤᠭᠲᠠᠭᠠᠯᠲᠠ ᠶᠢ ᠦᠷᠨᠢᠭᠦᠯᠦᠨ᠎ᠡ᠃ | ᠬᠤᠷᠠᠯ ᠳᠡᠭᠡᠷ᠎ᠡ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠬᠢᠨᠠᠨ | ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ ᠰᠦᠩᠱᠠᠨ ᠲᠣᠭᠤᠷᠢᠭ ᠤᠨ ᠪᠦᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ | ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠣᠳᠣᠬᠠᠨ ᠳᠤ᠂ ᠰᠦᠩᠱᠠᠨ ᠲᠣᠭᠤᠷᠢᠭ ᠲᠤ ᠰᠦᠩᠱᠠᠨ | ᠡᠮᠨᠡᠯᠭᠡ ᠶᠢᠨ ᠬᠤᠷᠢᠶ᠎ᠠ᠂ ᠰᠦᠩᠱᠠᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠰᠦᠩᠱᠠᠨ ᠲᠣᠭᠤᠷᠢᠭ ᠤᠨ ᠡᠬᠡ | ᠨᠢᠯᠬᠠᠰ ᠤᠨ ᠡᠷᠡᠭᠦᠯᠵᠢᠯ ᠤᠨ ᠬᠤᠷᠢᠶ᠎ᠠ ᠵᠡᠷᠭᠡ ᠲᠣᠭᠤᠷᠢᠭ ᠤᠨ ᠰᠢᠭᠤᠳ ᠬᠠᠷᠢᠶ᠎ᠠ 3 ᠡᠮᠴᠢᠯᠡᠭᠡᠨ ᠤ ᠪᠠᠶᠢᠭᠤᠯᠤᠮᠵᠢ᠂ | 14 ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ᠂ 233 ᠨᠢᠭᠡ ᠴᠤᠭᠴᠠᠵᠢᠭᠤᠯᠤᠭᠰᠠᠨ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠪᠠᠶᠢᠵᠤ᠂ ᠨᠢᠭᠡ ᠰᠢᠶᠠᠩ ᠳᠤ ᠨᠢᠭᠡ ᠡᠮᠨᠡᠯᠭᠡ ᠶᠢᠨ ᠬᠤᠷᠢᠶ᠎ᠠ ᠨᠢᠭᠡ ᠲᠣᠰᠬᠤᠨ ᠳᠤ ᠨᠢᠭᠡ | ᠡᠷᠡᠭᠦᠯ ᠬᠠᠮᠠᠭᠠᠯᠠᠯ ᠤᠨ ᠲᠠᠰᠤᠭ ᠤᠨ ᠪᠠᠷᠢᠮᠵᠢᠶ᠎ᠠ ᠳᠤ ᠬᠦᠷᠴᠦ᠂ ᠪᠥᠬᠦ ᠲᠣᠭᠤᠷᠢᠭ ᠤᠨ ᠬᠤᠲᠠ ᠬᠥᠳᠡᠭᠡ ᠶᠢᠨ | ᠰᠠᠭᠤᠭᠠᠯᠢ ᠠᠷᠠᠳ ᠢ ᠬᠠᠮᠤᠷᠤᠭᠰᠠᠨ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠣᠤᠷ ᠢ ᠠᠩᠬ᠎ᠠ ᠠᠯᠬᠤᠮ | ᠪᠦᠷᠢᠯᠳᠦᠭᠦᠯᠪᠡ᠃ | ᠣᠶᠢᠯᠠᠭᠠᠭᠰᠠᠨ ᠢᠶᠠᠷ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ | ᠵᠢᠱᠢᠶ᠎ᠡ ᠦᠵᠡᠭᠦᠯᠬᠦ ᠰᠢᠶᠠᠨ ᠤ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠨ ᠶᠠᠷᠢᠯᠴᠠᠬᠤ᠂ ᠮᠠᠲ᠋ᠧᠷᠢᠶᠠᠯ | ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠦᠩᠱᠠᠨ ᠲᠣᠭᠤᠷᠢᠭ ᠤᠨ ᠪᠥᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ | ᠬᠢᠨᠠᠨ ᠲᠣᠭᠲᠠᠭᠠᠬᠤ ᠪᠣᠯᠤᠨ᠎ᠠ᠃ |