ᠰᠦᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠰᠦᠩᠱᠠᠨ ᠲᠣᠭᠤᠷᠢᠭ ᠤᠨ 2023 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠯᠢᠳᠡᠭ ᠢ ᠰᠣᠩᠭᠤᠵᠤ ᠪᠠᠭᠰᠢ ᠶᠢ ᠰᠢᠯᠵᠢᠭᠦᠯᠬᠦ ᠠᠵᠢᠯ ᠤᠨ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨᠲᠠᠢᠯᠤᠮᠵᠢ
ᠨᠡᠶᠢᠲᠡᠯᠡᠭᠰᠡᠨ ᠴᠠᠭ᠄
2023/11/24
    ᠨᠢᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠭᠰᠠᠨ ᠠᠬᠤᠶ ᠪᠠᠶᠢᠳᠠᠯ    ︵ᠨᠢᠭᠡ︶ ︽ᠰᠦᠩᠱᠠᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠪᠠᠭᠰᠢ ᠶᠢᠨ ᠰᠤᠷᠭᠠᠭᠤᠯᠢ ᠶᠢᠨ ᠬᠤᠭᠤᠷᠣᠨᠳᠣᠬᠢ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠠᠵᠢᠯ ᠤᠨ ᠬᠡᠷᠡᠭᠵᠢᠭᠦᠯᠬᠦ ᠲᠥᠰᠦᠯ︾ ᠪᠠ ︽ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ︾ ᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠪᠠᠭᠰᠢ ᠶᠢᠨ ᠵᠦᠶ ᠵᠣᠬᠢᠰᠲᠠᠶ ᠰᠢᠯᠵᠢᠬᠦ ᠶᠢ ᠠᠬᠢᠭᠤᠯᠵᠤ᠂ ᠠᠷᠠᠳ ᠣᠯᠠᠨ ᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠦᠯᠦᠭᠡ ᠪᠤᠯᠤᠨ᠎ᠠ᠃    ︵ᠬᠤᠶᠠᠷ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠠᠲᠠᠬᠤ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ ᠰᠦᠩᠱᠠᠨ ᠲᠣᠭᠤᠷᠢᠭ ᠢᠯᠡ ᠪᠠᠷ ᠠᠵᠢᠯᠲᠠᠨ ᠡᠯᠰᠡᠬᠦ ᠳᠡᠭᠡᠨ ᠬᠥᠳᠡᠭᠡ ᠲᠣᠰᠬᠤᠨ ᠳᠤ ᠪᠦᠬᠦᠯᠢ ᠲᠠᠪᠤᠨ ᠵᠢᠯ ᠠᠵᠢᠯᠯᠠᠪᠠᠯ ᠰᠢᠯᠭᠠᠨ ᠡᠯᠰᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠲᠠ ᠶᠢᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠠᠵᠢᠯᠯᠠᠵᠤ ᠪᠣᠯᠤᠨ᠎ᠠ ᠭᠡᠵᠦ ᠠᠮᠠᠯᠠᠭᠰᠠᠨ ᠪᠠᠶᠢᠨ᠎ᠠ᠂ ᠡᠨᠡ ᠬᠦ ᠠᠷᠭ᠎ᠠ ᠬᠡᠮᠵᠢᠶ᠎ᠡ ᠨᠢ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠠᠰᠢᠭᠲᠠᠶ ᠪᠥᠭᠡᠳ ᠬᠥᠳᠡᠭᠡ ᠲᠣᠰᠬᠤᠨ ᠤ ᠪᠠᠭᠰᠢ ᠶᠢᠨ ᠢᠳᠡᠪᠬᠢᠵᠢᠯ ᠢ ᠳᠠᠶᠢᠴᠢᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠭᠰᠠᠨ ᠠᠴᠠ ᠨᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠣᠯᠭᠠᠨ ᠤᠷᠤᠭᠰᠢᠯᠠᠭᠤᠯᠬᠤ ᠶᠢ ᠳᠥᠯᠭᠢᠨ ᠠᠬᠢᠭᠤᠯᠤᠭᠰᠠᠨ ᠪᠠᠶᠢᠨ᠎ᠠ᠃    ︵ᠭᠤᠷᠪᠠ︶ 2023 ᠣᠨ ᠳᠤ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠪᠠ ᠤᠤᠯ ᠤᠨ ᠪᠠᠶᠢᠭᠰᠠᠨ ᠰᠤᠷᠭᠠᠭᠤᠯᠢ ᠶᠢᠨ ᠠᠩᠭᠢ ᠨᠡᠮᠡᠭᠳᠡᠭᠰᠡᠨ ᠠᠴᠠ ᠪᠣᠯᠵᠣ᠂ 230 ᠪᠠᠭᠰᠢ ᠨᠡᠮᠡᠬᠦ ᠴᠢᠬᠤᠯᠠᠲᠠᠶ ᠪᠣᠯᠵᠣ᠂ ᠰᠢᠨ᠎ᠡ ᠪᠠᠷ ᠰᠢᠯᠭᠠᠵᠤ ᠡᠯᠰᠡᠭᠰᠡᠨ ᠪᠠᠭᠰᠢ ᠪᠠ ᠭᠠᠳᠠᠷ ᠬᠤᠰᠢᠭᠤ ᠰᠢᠶᠠᠨ ᠤ ᠰᠢᠯᠵᠢᠵᠦ ᠢᠷᠡᠭᠰᠡᠨ ᠬᠥᠮᠦᠨ ᠤ ᠲᠤᠭ᠎ᠠ ᠨᠢ ᠬᠡᠪ ᠤᠨ ᠬᠢᠴᠢᠶᠡᠯ ᠡᠬᠢᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠣᠯᠵᠣ᠂ 120 ᠨᠡᠷᠡᠰ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠰᠣᠩᠭᠤᠬᠤ ᠴᠢᠬᠤᠯᠠᠲᠠᠶ ᠪᠣᠯᠪᠠ᠃    ᠬᠤᠶᠠᠷ᠂ ᠲᠤᠭᠤᠷᠪᠢᠨ ᠪᠢᠴᠢᠬᠦ ᠦᠨᠳᠦᠰᠦᠯᠡᠯ    ︵ᠨᠢᠭᠡ︶ ︽︿ᠰᠦᠩᠱᠠᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠪᠠᠭᠰᠢ ᠶᠢᠨ ᠰᠤᠷᠭᠠᠭᠤᠯᠢ ᠶᠢᠨ ᠬᠤᠭᠤᠷᠣᠨᠳᠣᠬᠢ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨ ᠰᠥᠩ ᠵᠠᠰᠠᠭ ᠠᠯᠪᠠᠨ ᠲᠠᠷᠬᠠᠭᠠᠭᠰᠠᠨ︹2016︺35 ᠳ᠋ᠤᠭᠠᠷ ᠲᠣᠭᠠᠲᠤ︶    ︵ᠬᠤᠶᠠᠷ︶ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨ ᠨᠠᠮ ᠲᠠᠷᠬᠠᠭᠠᠭᠰᠠᠨ︹2023︺5 ᠳ᠋ᠤᠭᠠᠷ ᠲᠣᠭᠠᠲᠤ︶    ︵ᠭᠤᠷᠪᠠ︶ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠰᠢᠯᠢᠳᠡᠭ ᠢ ᠰᠣᠩᠭᠤᠵᠤ ᠪᠠᠭᠰᠢ ᠶᠢ ᠰᠢᠯᠵᠢᠭᠦᠯᠬᠦ ᠲᠤᠬᠠᠶ ᠮᠡᠳᠡᠭᠳᠡᠯ︾ ︵ᠤᠯᠠᠭᠠᠨ ᠰᠥᠩ ᠪᠠᠶᠢᠭᠤᠯᠤᠮᠵᠢ ᠣᠷᠣᠨ ᠲᠠᠷᠬᠠᠭᠠᠭᠰᠠᠨ︹2023︺6 ᠳ᠋ᠤᠭᠠᠷ ᠲᠣᠭᠠᠲᠤ︶    ᠭᠤᠷᠪᠠ᠂ ᠭᠤᠣᠯ ᠠᠭᠤᠯᠭ᠎ᠠ    ︵ᠨᠢᠭᠡ︶ ᠰᠣᠩᠭᠤᠨ ᠰᠢᠯᠵᠢᠭᠦᠯᠬᠦ ᠵᠠᠷᠴᠢᠮ᠄ ᠢᠯᠡ ᠲᠣᠳᠣ᠂ ᠡᠷᠬᠡ ᠲᠡᠭᠰᠢ᠂ ᠥᠷᠢᠰᠥᠯᠳᠦᠬᠦ ᠵᠠᠷᠴᠢᠮ ᠢ ᠪᠠᠷᠢᠮᠲᠠᠯᠠᠨ᠎ᠠ︔ ᠰᠢᠯᠭᠠᠯᠲᠠ ᠬᠢᠭᠡᠳ ᠵᠢᠭᠠᠨ ᠰᠤᠷᠭᠠᠯᠲᠠ ᠶᠢᠨ ᠠᠮᠵᠢᠯᠲᠠ ᠪᠦᠲᠦᠮᠵᠢ᠂ ᠬᠢᠴᠢᠶᠡᠯ ᠦᠨᠡᠯᠡᠯᠲᠡ ᠰᠣᠨᠣᠰᠬᠤ᠂ ᠬᠢᠨᠠᠨ ᠰᠢᠯᠭᠠᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ︔ ᠪᠣᠳᠠᠲᠤ ᠠᠮᠵᠢᠯᠲᠠ ᠶᠢ ᠴᠢᠬᠤᠯᠠᠴᠢᠯᠠᠬᠤ᠂ ᠰᠢᠯᠢᠳᠡᠭ ᠢ ᠨᠢ ᠰᠣᠩᠭᠤᠵᠤ ᠡᠯᠰᠡᠬᠦ ᠵᠠᠷᠴᠢᠮ ᠢ ᠪᠠᠷᠢᠮᠲᠠᠯᠠᠵᠤ᠂ ᠰᠢᠯᠭᠠᠨ ᠡᠯᠰᠡᠬᠦ ᠪᠠᠭᠰᠢ ᠶᠢᠨ ᠰᠠᠶᠢᠨ ᠰᠠᠶᠢᠬᠠᠨ ᠤᠯᠤᠰ ᠲᠦᠷᠦ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃    ︵ᠬᠤᠶᠠᠷ︶ ᠰᠣᠩᠭᠤᠵᠤ ᠰᠢᠯᠵᠢᠭᠦᠯᠬᠦ ᠡᠲᠡᠭᠡᠳ᠄ ᠪᠦᠬᠦᠯᠢ ᠲᠠᠪᠤᠨ ᠵᠢᠯ ᠤᠨ ᠦᠢᠯᠡᠴᠢᠯᠡᠭᠡᠨ ᠤ ᠬᠤᠭᠤᠴᠠᠭ᠎ᠠ ᠳᠦᠭᠦᠷᠦᠭᠰᠡᠨ ᠰᠦᠩᠱᠠᠨ ᠲᠣᠭᠤᠷᠢᠭ ᠤᠨ ᠬᠥᠳᠡᠭᠡ ᠲᠣᠰᠬᠤᠨ ᠤ ᠳᠤᠮᠳᠠᠳᠤ᠂ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠪᠠᠭᠰᠢ᠃    ︵ᠭᠤᠷᠪᠠ︶ ᠰᠣᠩᠭᠤᠨ ᠰᠢᠯᠵᠢᠭᠦᠯᠬᠦ ᠨᠥᠬᠦᠴᠡᠯ᠄ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠳᠤ ᠪᠠᠶᠢᠭ᠎ᠠ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠮᠥᠷᠲᠡᠭᠡᠨ ᠰᠣᠩᠭᠤᠨ ᠰᠢᠯᠵᠢᠭᠦᠯᠬᠦ ᠲᠥᠰᠦᠯ ᠳᠤ ᠲᠣᠭᠲᠠᠭᠠᠭᠰᠠᠨ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠬᠤ᠃    ︵ᠲᠦᠷᠪᠡ︶ ᠰᠣᠩᠭᠤᠨ ᠰᠢᠯᠵᠢᠭᠦᠯᠬᠦ ᠲᠥᠯᠥᠪᠯᠡᠭᠡ᠄ 120 ᠬᠥᠮᠦᠨ ᠢ ᠰᠣᠩᠭᠤᠨ ᠰᠢᠯᠵᠢᠭᠦᠯᠬᠦ ᠪᠠᠷ ᠲᠥᠯᠥᠪᠯᠡᠪᠡ᠂ ᠡᠭᠦᠨ ᠤ ᠳᠣᠲᠣᠷ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 36 ᠬᠥᠮᠦᠨ᠂ ᠪᠠᠭ᠎ᠠ ᠰᠤᠷᠭᠠᠭᠤᠯᠢ ᠶᠢᠨ 84 ᠬᠥᠮᠦᠨ ᠪᠠᠭᠲᠠᠨ᠎ᠠ᠃    ︵ᠲᠠᠪᠤ︶ ᠰᠣᠩᠭᠤᠨ ᠰᠢᠯᠵᠢᠭᠦᠯᠬᠦ ᠲᠠᠰ ᠳᠠᠷᠠᠭᠠᠯᠠᠯ᠄ ᠰᠣᠩᠭᠤᠨ ᠰᠢᠯᠵᠢᠭᠦᠯᠬᠦ ᠲᠥᠰᠦᠯ ᠢ ᠨᠡᠶᠢᠲᠡᠯᠡᠬᠦ᠂ ᠨᠡᠷ᠎ᠡ ᠮᠡᠳᠡᠭᠦᠯᠬᠦ ᠵᠢᠴᠢ ᠬᠢᠷᠢ ᠬᠡᠮ ᠢ ᠬᠢᠨᠠᠨ ᠪᠠᠶᠢᠴᠠᠭᠠᠬᠤ᠂ ᠪᠢᠷ ᠤᠨ ᠰᠢᠯᠭᠠᠯᠲᠠ᠂ ᠰᠤᠷᠤᠯᠭ᠎ᠠ ᠶᠢᠨ ᠶᠠᠰᠤ ᠴᠢᠨᠠᠷ ᠢ ᠬᠢᠨᠠᠨ ᠰᠢᠯᠭᠠᠬᠤ᠂ ᠬᠢᠴᠢᠶᠡᠯ ᠤᠨ ᠲᠠᠩᠬᠢᠮ ᠢ ᠦᠨᠡᠯᠡᠬᠦ᠂ ᠬᠢᠨᠠᠨ ᠰᠢᠯᠭᠠᠬᠤ᠂ ᠶᠡᠷᠦᠩᠬᠡᠶ ᠬᠢᠷᠢ ᠪᠦᠲᠦᠮᠵᠢ᠂ ᠡᠯᠰᠡᠨ ᠬᠡᠷᠡᠭᠯᠡᠬᠦ ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号