︽ᠬᠡᠷ ᠤᠨ ᠭᠠᠳᠠᠨᠠᠬᠢ ᠬᠥᠳᠡᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2022 — 2025 ᠣᠨ︶︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/24
     2022 ᠣᠨ ᠤ 10 ᠰᠠᠷ᠎ᠠ ᠶᠢᠨ 25 ᠤ ᠡᠳᠦᠷ᠂ ︽ᠬᠡᠷ ᠤᠨ ᠭᠠᠳᠠᠨᠠᠬᠢ ᠬᠥᠳᠡᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2022 — 2025 ᠣᠨ︶︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠬᠡᠷ ᠤᠨ ᠭᠠᠳᠠᠨᠠᠬᠢ ᠬᠥᠳᠡᠯᠭᠡᠭᠡᠨ ᠤ ᠠᠵᠤ ᠦᠢᠯᠡᠰ ᠤᠨ ᠬᠥᠭᠵᠢᠯᠲᠡ ᠳᠤ ᠤᠯᠠᠮ ᠨᠢᠭᠡ ᠠᠯᠬᠤᠮ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ︽ᠲᠥᠯᠥᠪᠵᠢᠭᠦᠯᠭᠡ︾ ᠨᠢ ᠣᠷᠣᠶ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠬᠦ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠤᠶᠢᠵᠢᠭᠤᠯᠬᠤ ᠵᠡᠷᠭᠡ ᠣᠯᠠᠨ ᠲᠠᠯ᠎ᠠ ᠪᠠᠷ ᠬᠦᠴᠦᠯᠡᠬᠦ ᠨᠢ ᠬᠡᠷ ᠤᠨ ᠭᠠᠳᠠᠨᠠᠬᠢ ᠬᠥᠳᠡᠯᠭᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ︽ᠲᠥᠯᠥᠪᠵᠢᠭᠦᠯᠭᠡ︾ ᠳᠤ ᠵᠢᠭᠠᠵᠤ ᠭᠠᠷᠭᠠᠭᠰᠠᠨ ᠨᠢ᠂ ᠪᠠᠶᠢᠭᠠᠯᠢ ᠶᠢᠨ ᠡᠬᠢ ᠪᠠᠶᠠᠯᠢᠭ ᠢ ᠬᠡᠷ ᠤᠨ ᠭᠠᠳᠠᠨᠠᠬᠢ ᠬᠥᠳᠡᠯᠭᠡᠭᠡᠨ ᠳᠠᠰᠢ ᠴᠢᠯᠥᠭᠡᠲᠡᠶ ᠨᠡᠭᠡᠭᠡᠬᠦ ᠶᠢ ᠳᠥᠯᠭᠢᠨ ᠠᠬᠢᠭᠤᠯᠬᠤ᠂ ᠬᠡᠷ ᠤᠨ ᠭᠠᠳᠠᠨᠠᠬᠢ ᠬᠥᠳᠡᠯᠭᠡᠭᠡᠨ ᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠳᠥᠭᠦᠮᠴᠢᠯᠡᠨ ᠲᠡᠭᠡᠭᠡᠪᠦᠷᠢᠯᠡᠬᠦ ᠶᠢ ᠳᠥᠯᠭᠢᠨ ᠠᠬᠢᠭᠤᠯᠬᠤ᠂ ᠬᠡᠷ ᠤᠨ ᠭᠠᠳᠠᠨᠠᠬᠢ ᠬᠥᠳᠡᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠢ ᠪᠠᠶᠢᠭᠤᠯᠬᠤ ᠵᠡᠷᠭᠡ ᠲᠠᠯ᠎ᠠ ᠪᠠᠷ ᠬᠡᠷ ᠤᠨ ᠭᠠᠳᠠᠨᠠᠬᠢ ᠬᠥᠳᠡᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠶ᠃    ︽ᠲᠥᠯᠥᠪᠵᠢᠭᠦᠯᠭᠡ︾ ᠳᠤ ᠣᠷᠣᠨ ᠪᠦᠰᠡ ᠶᠢᠨ ᠭᠡᠷ ᠤᠨ ᠭᠠᠳᠠᠨᠠᠬᠢ ᠬᠥᠳᠡᠯᠭᠡᠭᠡᠨ ᠤ ᠠᠵᠤ ᠦᠢᠯᠡᠰ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ ᠭᠡᠵᠦ ᠲᠣᠳᠣᠷᠬᠠᠶ ᠳᠤᠷᠠᠳᠴᠤ᠂ ︽ᠲᠠᠪᠤᠨ ᠣᠷᠣᠨ ᠭᠤᠷᠪᠠᠨ ᠪᠦᠰᠡ ︾ ᠶᠢᠨ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠤ ᠠᠵᠤ ᠦᠢᠯᠡᠰ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠪᠠᠶᠢᠭᠤᠯᠵᠤ᠂ ᠡᠯ᠎ᠡ ᠭᠠᠵᠠᠷ ᠤᠨ ᠣᠨᠴᠠᠯᠢᠭ ᠢ ᠦᠨᠳᠦᠰᠦᠯᠡᠨ᠂ ᠤᠮᠠᠷᠠᠲᠤ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠲᠥᠯᠦᠨ ᠳᠠᠭᠠᠭᠤᠯᠬᠤ ᠣᠷᠣᠨ᠂ ᠳᠣᠷᠣᠨᠠᠲᠤ ᠣᠷᠣᠨ ᠤ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠤ ᠵᠢᠱᠢᠶ᠎ᠡ ᠦᠵᠡᠭᠦᠯᠬᠦ ᠣᠷᠣᠨ᠂ ᠳᠤᠮᠳᠠ ᠬᠡᠰᠡᠭ ᠤᠨ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠤ ᠪᠡᠶᠡᠴᠢᠯᠡᠨ ᠣᠶᠢᠯᠠᠭᠠᠬᠤ ᠣᠷᠣᠨ᠂ ᠡᠮᠦᠨᠡᠲᠦ ᠣᠷᠣᠨ ᠤ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠰᠡᠯᠡᠭᠦᠴᠡᠯ ᠤᠨ ᠣᠷᠣᠨ᠂ ᠪᠠᠷᠠᠭᠤᠨ ᠡᠮᠦᠨᠡᠲᠦ ᠶᠢᠨ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠤ ᠲᠥᠪᠯᠡᠷᠡᠭᠰᠡᠨ ᠣᠷᠣᠨ ᠵᠢᠴᠢ ᠬᠠᠲᠤᠨ ᠭᠤᠤᠯ ᠤᠨ ᠰᠣᠶᠣᠯ ᠤᠨ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠤ ᠪᠦᠰᠡ᠂ ᠬᠥᠬᠡᠮᠥ᠋ᠷᠡᠨ ᠤ ᠤᠰᠤᠨ ᠳᠡᠭᠡᠷᠡᠬᠢ ᠲᠠᠮᠢᠷ ᠤᠨ ᠪᠦᠰᠡ᠂ ᠲᠡᠯᠡᠶ ᠳᠠᠭᠠᠤ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠤ ᠪᠦᠰᠡ ᠶᠢ ᠲᠣᠰ ᠲᠣᠰ ᠪᠠᠶᠢᠭᠤᠯᠤᠨ᠎ᠠ᠃    ︽ᠲᠥᠯᠥᠪᠵᠢᠭᠦᠯᠭᠡ︾ ᠳᠤ ᠪᠠᠰᠠ ᠬᠡᠷ ᠤᠨ ᠭᠠᠳᠠᠨᠠᠬᠢ ᠤᠷᠤᠯᠳᠤᠭᠠᠨ ᠪᠠ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠬᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠦᠢᠯᠡᠳᠬᠦᠨ ᠢ ᠪᠠᠶᠠᠯᠢᠭᠵᠢᠭᠤᠯᠬᠤ᠂ ᠬᠡᠷ ᠤᠨ ᠭᠠᠳᠠᠨᠠᠬᠢ ᠬᠥᠳᠡᠯᠭᠡᠭᠡᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ ᠵᠡᠷᠭᠡ ᠲᠠᠯ᠎ᠠ ᠪᠠᠷ ᠠᠯᠢ ᠣᠯᠠᠨ ᠲᠥᠯᠥᠪᠯᠡᠭᠡ ᠪᠠ ᠠᠷᠭ᠎ᠠ ᠬᠡᠮᠵᠢᠶ᠎ᠡ ᠳᠤᠷᠠᠳᠴᠤ᠂ ᠬᠡᠷ ᠤᠨ ᠭᠠᠳᠠᠨᠠᠬᠢ ᠬᠥᠳᠡᠯᠭᠡᠭᠡᠨ ᠤ ᠦᠢᠯᠡᠳᠬᠦᠨ ᠤ ᠬᠠᠩᠭᠠᠯᠭ᠎ᠠ ᠶᠢ ᠪᠥᠬᠦ ᠲᠠᠯ᠎ᠠ ᠪᠠᠷ ᠪᠠᠶᠠᠯᠢᠭᠵᠢᠭᠤᠯᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号