ᠣᠶᠢᠷ᠎ᠠ ᠳᠤ᠂ ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨᠬᠠᠳᠠ | ᠬᠤᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ | ᠠᠵᠢᠯᠴᠢᠨ ᠤ ᠡᠪᠯᠡᠯ ᠠᠴᠠ ᠬᠠᠮᠲᠤᠷᠠᠨ ᠡᠷᠭᠢᠯᠡᠵᠦ᠂ ᠤᠯᠠᠭᠠᠨᠬᠠᠳᠠ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠠᠴᠠ ᠳᠠᠭᠠᠭᠠᠴᠢᠯᠠᠨ ᠡᠷᠭᠢᠯᠡᠭᠰᠡᠨ 2023 ᠣᠨ ᠤ ᠤᠯᠠᠭᠠᠨᠬᠠᠳᠠ ᠬᠤᠲᠠ ᠶᠢᠨ ᠲᠤᠬᠠᠶ ᠶᠢᠨ | ᠲᠠᠯᠠᠪᠤᠷ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠪᠡ᠃ | ᠪᠥᠬᠦ ᠬᠤᠲᠠ ᠶᠢᠨ 12 ᠬᠤᠰᠢᠭᠤ ᠰᠢᠶᠠᠨ ᠲᠣᠭᠤᠷᠢᠭ ᠤᠨ ᠨᠡᠶᠢᠲᠡ 36 ᠲᠤᠰᠬᠠᠶ ᠮᠡᠷᠭᠡᠵᠢᠯ ᠤᠨ ᠠᠵᠢᠯᠲᠠᠨ | ᠤᠷᠤᠯᠳᠤᠭᠠᠨ ᠳᠤ ᠤᠷᠤᠯᠴᠠᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠰᠦᠩᠱᠠᠨ ᠲᠣᠭᠤᠷᠢᠭ | ᠤᠯᠠᠭᠠᠨᠬᠠᠳᠠ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠲᠤᠬᠠᠶ ᠶᠢᠨ | ᠲᠠᠯᠠᠪᠤᠷ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠤ ᠪᠦᠯᠬᠦᠮ ᠤᠨ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃ ᠰᠦᠩᠱᠠᠨ | ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠲᠣᠮᠢᠯᠠᠭᠰᠠᠨ ᠤᠷᠤᠯᠳᠤᠭᠠᠨ ᠳᠤ | ᠣᠷᠣᠯᠴᠠᠭᠰᠠᠨ 3 ᠤᠷᠤᠯᠳᠠᠭᠴᠢ ᠪᠦᠬᠦᠨ ᠢᠶᠠᠷ ᠢᠶᠠᠨ ᠱᠠᠩᠨᠠᠯ ᠬᠦᠷᠳᠡᠵᠤ᠂ ᠵᠠᠩ ᠨᠠᠨ ᠨᠠᠨ ᠬᠤᠪᠢ ᠬᠥᠮᠦᠨ ᠤ | ᠤᠷᠤᠯᠳᠤᠭᠠᠨ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠮᠡᠷᠭᠡᠵᠢᠯ ᠤᠨ ᠨᠢᠭᠡᠳᠦᠭᠡᠷ ᠳᠡᠰ ᠤᠨ | ᠱᠠᠩᠨᠠᠯ ᠪᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠮᠡᠳᠡᠯᠭᠡ ᠶᠢᠨ ᠬᠤᠶᠠᠳᠤᠭᠠᠷ ᠳᠡᠰ ᠤᠨ | ᠱᠠᠩᠨᠠᠯ ᠬᠦᠷᠳᠡᠵᠤ᠂ ᠶᠣᠣ ᠬᠤᠩ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠮᠡᠳᠡᠯᠭᠡ ᠶᠢᠨ | ᠭᠤᠷᠪᠠᠳᠤᠭᠠᠷ ᠳᠡᠰ ᠤᠨ ᠱᠠᠩᠨᠠᠯ ᠬᠦᠷᠳᠡᠵᠤ᠂ ᠪᠠᠢ ᠸᠧᠨ ᠢᠦᠢ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠲᠠ ᠶᠢᠨ ᠮᠡᠷᠭᠡᠵᠢᠯ ᠤᠨ ᠭᠤᠷᠪᠠᠳᠤᠭᠠᠷ ᠳᠡᠰ ᠤᠨ ᠱᠠᠩᠨᠠᠯ ᠬᠦᠷᠳᠡᠵᠤ᠂ ᠶᠣᠣ ᠬᠤᠩ᠂ ᠪᠠᠢ ᠸᠧᠨ ᠢᠦᠢ | ᠴᠥᠮ ᠬᠤᠪᠢ ᠬᠥᠮᠦᠨ ᠤ ᠤᠷᠤᠯᠳᠤᠭᠠᠨ ᠤ ᠰᠢᠯᠢᠳᠡᠭ ᠱᠠᠩᠨᠠᠯ ᠢ ᠬᠦᠷᠲᠡᠪᠡ᠃ |