ᠵᠥᠩ ᠴᠢᠩ ᠰᠥᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2023/11/3
    10 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠤᠭᠰᠠᠨ ᠪᠥᠭᠡᠳ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ  ᠪᠤᠯᠤᠨ ᠲᠤᠰᠠᠯᠠᠬᠤ ᠴᠠᠭᠳᠠᠭ᠎ᠠ ᠶᠢ ᠪᠣᠯᠭᠤᠭᠠᠨ ᠲᠣᠬᠤᠨᠢᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠᠩ ᠴᠠᠩ ᠬᠤᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠭᠦᠸᠧ ᠮᠢᠩ ᠷᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠵᠦᠩ ᠴᠢᠩ ᠰᠦᠩ ᠨᠡᠷ ᠤᠷᠢᠳ ᠬᠤᠵᠢᠳ ᠳᠣᠲᠣᠭᠠᠳᠤ ᠶᠢ ᠬᠠᠮᠠᠭᠠᠯᠠᠬᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠲᠥᠪ᠂ ᠡᠷᠡᠭᠦᠦ ᠶᠢᠨ ᠬᠡᠷᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠰᠤᠭ ᠵᠢᠴᠢ ᠬᠤᠪᠢᠶᠠᠷᠢ ᠲᠣᠪᠴᠢᠶ᠎ᠠ ᠶᠢᠨ ᠬᠠᠷᠢᠶᠠᠲᠤ ᠣᠷᠣᠨ ᠰᠠᠭᠤᠴᠠ ᠵᠡᠷᠭᠡ ᠭᠠᠵᠠᠷ ᠲᠤ ᠬᠦᠷᠴᠦ᠂ ᠭᠤᠣᠯᠳᠠᠯᠭ᠎ᠠ ᠲᠠᠢ ᠠᠵᠢᠯ ᠂ ᠬᠢᠯᠠᠰ ᠴᠡᠭᠲᠦ ᠲᠦᠷᠦᠯ ᠲᠡᠮᠳᠡᠭ ᠤᠨ ᠴᠣᠭᠴᠠᠯᠠᠯᠲᠠ ᠪᠠ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠯᠠᠪᠯᠠᠨ ᠠᠰᠠᠭᠤᠪᠠ᠃    ᠶᠠᠷᠢᠯᠴᠠᠬᠤ ᠬᠤᠷᠠᠯ ᠳᠡᠭᠡᠷ᠎ᠡ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ 2023 ᠣᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠥᠩ ᠴᠢᠩ ᠰᠥᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠤᠯᠤᠨ ᠲᠤᠰᠠᠯᠠᠬᠤ ᠴᠠᠭᠳᠠᠭ᠎ᠠ ᠶᠢᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠲᠣᠭᠤᠷᠢᠭ ᠤᠨ ᠵᠠᠰᠠᠭ ᠤᠨ ᠣᠷᠳᠣᠨ ᠪᠥᠬᠦ ᠬᠦᠴᠦᠨ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠡᠩᠨᠡᠭᠡ ᠳᠤ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢᠨ ᠬᠠᠮᠲᠤ ᠨᠢᠭᠡᠳᠦᠭᠡᠷ ᠹᠷᠣᠨᠲ ᠤᠨ ᠠᠵᠢᠯᠯᠠᠬᠤ ᠨᠥᠬᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠤᠨ᠎ᠠ᠃    ᠵᠥᠩ ᠴᠢᠩ ᠰᠥᠩ ᠴᠢᠬᠤᠯᠠᠴᠢᠯᠠᠭᠰᠠᠨ ᠨᠢ᠂ ᠤᠯᠤᠰ ᠲᠥᠷᠥ ᠶᠢ ᠡᠷᠬᠢᠮᠯᠡᠬᠦ ᠱᠠᠭᠠᠷᠳᠠᠯᠭ᠎ᠠ ᠶᠢ ᠳᠣᠲᠣᠭᠠᠳᠤ ᠶᠢ ᠬᠠᠮᠠᠭᠠᠯᠠᠬᠤ ᠠᠵᠢᠯ ᠪᠣᠯᠤᠨ ᠡᠩᠨᠡᠭᠡᠨ ᠤ ᠪᠠᠶᠢᠭᠤᠯᠤᠯᠲᠠ ᠶᠢᠨ ᠡᠯ᠎ᠡ ᠲᠠᠯ᠎ᠠ᠂ ᠪᠦᠬᠦ ᠶᠠᠪᠤᠴᠠ ᠳᠤ ᠦᠨᠡᠨᠬᠦ ᠲᠤᠤᠱᠯᠠᠭᠤᠯᠵᠤ᠂ ︽ᠬᠢᠲᠤᠭᠠᠨ ᠡᠰᠢ︾ ᠶᠢ ᠢᠮᠠᠭᠲᠠ ᠨᠠᠮ ᠪᠣᠯᠤᠨ ᠠᠷᠠᠳ ᠲᠦᠮᠡᠨ ᠤ ᠭᠠᠷ ᠲᠤ ᠪᠠᠲᠤ ᠡᠵᠡᠮᠰᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠰᠠᠬᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠲᠤ ᠴᠡᠭᠡᠵᠢᠯᠡᠵᠦ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠪᠦᠬᠦᠨ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠬᠦ ᠲᠦᠷᠦᠭᠳᠡᠯ ᠣᠯᠭᠤᠬᠤ ᠪᠠᠷ ᠴᠢᠷᠮᠠᠶᠢᠬᠤ ᠬᠡᠷᠡᠭᠲᠡᠢ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠲᠡᠭᠦᠨ ᠢ ᠵᠠᠰᠠᠬᠤ᠂ ᠰᠤᠷᠭᠠᠭᠤᠯᠢ ᠶᠢᠨ ᠬᠦᠷᠢᠶ᠎ᠡ ᠵᠢᠴᠢ ᠡᠮᠴᠢᠯᠡᠭᠡᠨ ᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠨᠢᠭᠡᠴᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠬᠤ᠂ ᠲᠡᠷᠭᠡ ᠵᠣᠭᠰᠣᠬᠤ ᠡᠮᠬᠢ ᠳᠢᠭᠯᠢᠮ ᠤᠨ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠳᠡᠭᠡᠷ᠎ᠡ ᠦᠷᠭᠦᠯᠵᠢᠯᠡᠨ ᠬᠦᠴᠦᠯᠡᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠠᠭ ᠢᠮᠠᠭᠲᠠ ᠲᠡᠷᠢᠭᠦᠨ ᠳᠤ ᠲᠠᠯᠪᠢᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠳᠠᠭᠠᠨ ᠰᠠᠨᠠᠭ᠎ᠠ ᠠᠮᠤᠷ᠂ ᠠᠷᠠᠳ ᠲᠦᠮᠡᠨ ᠳᠤ ᠲᠠᠭᠠᠰᠢᠶᠠᠭᠳᠠᠭᠰᠠᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号