ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2023﹈ 11 ᠳ᠋ᠦ᠋ᠭᠡᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠡᠷᠡᠮᠵᠢᠯᠡᠨ | ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ︾ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | 2023 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠨᠠᠷᠢᠨ ᠳᠦᠷᠢᠮ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠵᠦ᠂ ᠨᠡᠶᠢᠭᠡᠮ | ᠨᠡᠶᠢᠲᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ | ᠰᠡᠷᠡᠮᠵᠢᠯᠡᠨ ᠠᠷᠢᠯᠭᠠᠵᠤ᠂ ᠠᠵᠤ ᠠᠬᠤᠢ ᠶᠢᠨ ᠡᠮᠬᠢ ᠳᠢᠭᠯᠢᠮ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠬᠠᠤᠯᠢ︾ ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠳᠦᠷᠢᠮ︾ | ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠨᠠᠷᠢᠨ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠳᠤ ᠲᠣᠰ ᠨᠠᠷᠢᠨ ᠳᠦᠷᠢᠮ ᠢ ᠲᠣᠬᠢᠷᠠᠭᠤᠯᠤᠨ | ᠬᠡᠷᠡᠭᠯᠡᠨ᠎ᠡ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠪᠠᠩᠬᠢ᠂ ᠦᠨᠡᠲᠦ ᠲᠡᠮᠳᠡᠭᠲᠦ᠂ | ᠳᠠᠭᠠᠳᠬᠠᠯ᠂ ᠭᠠᠳᠠᠭᠠᠳᠤ ᠭᠤᠪᠢᠭᠤᠯᠭ᠎ᠠ ᠵᠡᠷᠭᠡ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ | ᠠᠵᠢᠯᠯᠠᠭ᠎ᠠ ᠶᠢ ᠬᠠᠤᠯᠢ ᠪᠤᠰᠤ ᠪᠠᠷ ᠡᠷᠬᠢᠯᠡᠬᠦ ᠲᠤᠬᠠᠢ ᠪᠤᠰᠤᠳ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢ | ᠵᠢᠷᠤᠮᠯᠠᠨ᠎ᠠ᠃ | ᠭᠤᠷᠪᠠᠳᠤᠭᠠᠷ ᠵᠦᠢᠯ ᠶᠠᠮᠠᠷᠪᠠ ᠬᠡᠯᠪᠡᠷᠢ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠦᠢᠯᠡ ᠠᠵᠢᠯᠯᠠᠭ᠎ᠠ ᠶᠢ | ᠴᠠᠭᠠᠵᠠᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠰᠡᠷᠡᠮᠵᠢᠯᠡᠬᠦ ᠪᠠᠷ ᠭᠤᠣᠯᠯᠠᠬᠤ᠂ ᠡᠷᠲᠡ ᠠᠴᠠ | ᠭᠠᠷᠳᠠᠵᠣ ᠪᠠᠭ᠎ᠠ ᠪᠠᠶᠢᠬᠤ ᠳᠤ ᠨᠢ ᠴᠣᠬᠢᠯᠲᠠ ᠥᠭᠬᠦ᠂ ᠶᠡᠷᠦᠩᠬᠡᠶᠢᠯᠡᠨ ᠵᠠᠰᠠᠬᠤ᠂ ᠯᠠᠪᠳᠠᠭᠤᠨ ᠢᠶᠠᠷ ᠰᠢᠢᠳᠪᠦᠷᠢᠯᠡᠬᠦ | ᠵᠠᠷᠴᠢᠮ ᠢ ᠪᠠᠷᠢᠮᠲᠠᠯᠠᠨ᠎ᠠ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠪᠥᠬᠦ ᠣᠷᠣᠨ ᠤ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ | ᠡᠭᠦᠷᠭᠡᠯᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠠᠴᠠ ᠨᠢᠭᠡᠳᠦᠯᠲᠡᠢ | ᠤᠳᠤᠷᠢᠳᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ | ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ | ᠪᠠᠶᠢᠭᠤᠯᠤᠮᠵᠢ ᠶᠢᠨ ᠬᠢᠨ ᠣᠷᠣᠯᠴᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ | ᠠᠵᠢᠯ ᠤᠨ ᠲᠣᠭᠲᠠᠴᠠ ᠨᠢ ᠪᠥᠬᠦ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ | ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ᠂ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠬᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠵᠡᠷᠭᠡ | ᠠᠵᠢᠯ ᠢ ᠨᠢᠭᠡᠳᠦᠯᠲᠡᠢ ᠲᠥᠯᠥᠪᠯᠡᠨ ᠬᠠᠷᠢᠭᠤᠴᠠᠬᠤ ᠬᠡᠷᠡᠭᠲᠡᠢ᠃ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠲᠣᠭᠲᠠᠴᠠ ᠨᠢ ᠲᠣᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠬᠢᠨᠠᠨ | ᠰᠢᠨᠵᠢᠵᠦ ᠰᠡᠷᠡᠮᠵᠢᠯᠡᠭᠦᠯᠬᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠰᠡᠭᠦᠯ ᠬᠤᠷᠢᠶᠠᠵᠤ ᠰᠢᠢᠳᠪᠦᠷᠢᠯᠡᠬᠦ᠂ | ᠤᠬᠠᠭᠤᠯᠤᠨ ᠬᠥᠮᠥᠵᠢᠭᠦᠯᠬᠦ ᠪᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠬᠤ | ᠬᠡᠷᠡᠭᠲᠡᠢ᠃ | ᠳᠡᠭᠡᠳᠦ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠳᠣᠣᠷᠠᠳᠤ ᠱᠠᠲᠤᠨ ᠤ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠢ ᠰᠢᠮᠳᠠᠭᠤᠯᠤᠨ ᠵᠢᠯᠤᠭᠤᠳᠴᠤ ᠪᠠᠶᠢᠭᠠᠳ ᠲᠤᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ | ᠠᠵᠢᠯ ᠢ ᠰᠠᠶᠢᠲᠤᠷ ᠬᠢᠯᠭᠡᠬᠦ ᠬᠡᠷᠡᠭᠲᠡᠢ᠃ | ᠰᠤᠷᠭᠠᠨ ᠬᠥᠮᠦᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠠᠷᠠᠳ ᠤᠨ ᠶᠠᠪᠤᠳᠠᠯ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠣᠶ ᠰᠢᠭᠤᠢ ᠪᠠ | ᠨᠤᠲᠤᠭ ᠪᠡᠯᠴᠢᠭᠡᠷ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠢᠴᠢ ᠲᠥᠷᠥ ᠶᠢᠨ | ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ | ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠵᠡᠷᠭᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ | ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠪᠠ | ᠬᠠᠮᠵᠢᠯᠴᠠᠨ ᠰᠢᠢᠳᠪᠦᠷᠢᠯᠡᠬᠦ ᠠᠵᠢᠯ ᠢᠶᠠᠨ ᠬᠠᠷᠢᠭᠤᠴᠠᠬᠤ ᠬᠡᠷᠡᠭᠲᠡᠢ︔ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠨᠢᠭᠡᠴᠢ ᠨᠢ ᠠᠵᠢᠯ ᠤᠨ ᠬᠡᠷᠡᠭᠴᠡᠭᠡ ᠱᠠᠭᠠᠷᠳᠠᠯᠭ᠎ᠠ ᠵᠢᠴᠢ ᠲᠤᠰᠢᠶᠠᠯ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠨ ᠦᠨᠳᠦᠰᠦᠯᠡᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ | ᠠᠵᠢᠯ ᠤᠨ ᠬᠠᠮᠢᠶ᠎ᠠ ᠪᠦᠬᠦᠢ ᠡᠭᠦᠷᠭᠡ ᠶᠢ ᠡᠭᠦᠷᠭᠡᠯᠡᠬᠦ ᠬᠡᠷᠡᠭᠲᠡᠢ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ | ᠰᠢᠢᠳᠪᠦᠷᠢᠯᠡᠬᠦ ᠠᠵᠢᠯ ᠤᠨ ᠲᠣᠭᠲᠠᠴᠠ ᠶᠢᠨ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ︵ᠳᠣᠷᠣᠭᠰᠢ ᠬᠠᠤᠯᠢ | ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠭᠡᠵᠦ | ᠲᠣᠪᠴᠢᠯᠠᠨ᠎ᠠ︶ ᠨᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠣᠯᠣᠨ᠎ᠠ᠃ ᠠᠶᠢᠮᠠᠭ ᠬᠤᠲᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠠᠶᠢᠮᠠᠭ ᠬᠤᠲᠠ ᠶᠢᠨ ᠮᠥᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ ᠪᠣᠯᠣᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ ᠪᠡᠶ᠎ᠡ ᠪᠠᠨ ᠳᠠᠭᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯᠲᠤ ᠬᠠᠮᠢᠶ᠎ᠠ | ᠪᠦᠬᠦᠢ ᠪᠠᠶᠢᠭᠤᠯᠤᠮᠵᠢ ᠶᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠬᠡᠮᠡᠨ ᠲᠣᠳᠣᠷᠬᠠᠢ ᠲᠣᠭᠲᠠᠭᠠᠬᠤ ᠬᠡᠷᠡᠭᠲᠡᠢ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠲᠦᠷᠦᠭᠦᠯᠡᠨ | ᠬᠠᠷᠢᠭᠤᠴᠠᠬᠤ ᠠᠵᠢᠯᠲᠠᠨ ᠢ ᠠᠳᠠᠭ ᠲᠤ ᠪᠠᠨ 1 ᠶᠢ ᠲᠣᠳᠣᠷᠬᠠᠢ ᠲᠣᠭᠲᠠᠭᠠᠵᠤ᠂ ᠭᠠᠴᠠᠭ᠎ᠠ ᠲᠣᠰᠬᠤᠨ ᠤ | ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠬᠠᠤᠯᠢ | ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ ᠬᠢᠬᠦ ᠪᠠ ᠰᠦᠪᠡᠭᠴᠢ ᠶᠢ ᠮᠡᠳᠡᠭᠦᠯᠬᠦ ᠵᠡᠷᠭᠡ ᠠᠵᠢᠯ ᠢ | ᠰᠠᠶᠢᠲᠤᠷ ᠬᠢᠯᠭᠡᠬᠦ ᠬᠡᠷᠡᠭᠲᠡᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ | ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠠᠵᠢᠯ ᠢᠶᠠᠨ ᠥᠷᠨᠢᠭᠦᠯᠬᠦ ᠶᠢᠨ | ᠬᠠᠮᠲᠤ᠂ ᠳᠡᠭᠡᠳᠦ ᠱᠠᠲᠤᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠶᠢ ᠬᠦᠯᠢᠶᠡᠬᠦ ᠬᠡᠷᠡᠭᠲᠡᠢ᠃ | ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠠᠮᠢᠶ᠎ᠠ ᠪᠦᠬᠦᠢ ᠵᠠᠷᠤᠳᠠᠯ ᠢ ᠵᠣᠬᠢᠰᠲᠠᠢ ᠪᠠᠲᠤᠯᠠᠬᠤ ᠶᠢᠨ | ᠬᠠᠮᠲᠤ᠂ ᠲᠤᠰ ᠱᠠᠲᠤᠨ ᠤ ᠲᠥᠰᠥᠪ ᠲᠤ ᠪᠠᠨ ᠣᠷᠣᠭᠤᠯᠬᠤ ᠬᠡᠷᠡᠭᠲᠡᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠠᠤᠯᠢ ᠬᠡᠷᠡᠭᠵᠢᠭᠦᠯᠬᠦ | ᠬᠦᠴᠦᠨ ᠢᠶᠠᠨ ᠴᠢᠩᠭ᠎ᠠ ᠪᠠᠷ ᠲᠣᠬᠢᠷᠠᠭᠤᠯᠤᠨ᠂ ᠬᠠᠤᠯᠢ ᠬᠡᠷᠡᠭᠵᠢᠭᠦᠯᠬᠦ ᠲᠥᠬᠦᠭᠡᠷᠦᠮᠵᠢ᠂ ᠬᠠᠤᠯᠢ ᠬᠡᠷᠡᠭᠵᠢᠭᠦᠯᠬᠦ | ᠲᠡᠷᠭᠡ ᠬᠥᠰᠬᠡ ᠵᠡᠷᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠪᠣᠯᠪᠠᠰᠤᠷᠠᠯ ᠢ | ᠥᠷᠨᠢᠭᠦᠯᠦᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠬᠠᠤᠯᠢ ᠬᠡᠷᠡᠭᠵᠢᠭᠦᠯᠦᠯᠲᠡ ᠶᠢᠨ | ᠵᠢᠷᠣᠮᠵᠢᠭ᠍ᠰᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠤᠯᠪᠤᠭᠠᠯᠠᠨ ᠬᠠᠤᠯᠢ ᠬᠡᠷᠡᠭᠵᠢᠭᠦᠯᠬᠦ᠂ ᠶᠡᠷᠦᠩᠬᠡᠶᠢᠯᠡᠨ | ᠬᠠᠤᠯᠢ ᠬᠡᠷᠡᠭᠵᠢᠭᠦᠯᠬᠦ ᠵᠡᠷᠭᠡ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ | | ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ | ᠬᠠᠷᠠᠯᠲᠠ ᠶᠢᠨ ᠰᠢᠯᠭᠠᠨ ᠬᠢᠨᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠲᠤᠰ ᠱᠠᠲᠤᠨ ᠤ ᠵᠠᠰᠠᠭ ᠤᠨ | ᠣᠷᠳᠣᠨ ᠤ ᠬᠠᠷᠢᠶ᠎ᠠ ᠰᠠᠯᠠᠭ᠎ᠠ ᠮᠥᠴᠢᠷ᠂ ᠨᠢᠭᠡᠴᠢ ᠪᠣᠯᠣᠨ ᠳᠣᠣᠷ᠎ᠠ ᠨᠢᠭᠡ ᠱᠠᠲᠤᠨ ᠤ ᠵᠠᠰᠠᠭ ᠤᠨ ᠣᠷᠳᠣᠨ ᠤ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠠᠵᠢᠯ ᠤᠨ ᠬᠠᠷᠠᠯᠲᠠ ᠶᠢ ᠪᠡᠶᠡᠯᠡᠭᠦᠯᠦᠭᠰᠡᠨ | ᠪᠠᠶᠢᠳᠠᠯ ᠢ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠰᠢᠯᠭᠠᠨ ᠬᠢᠨᠠᠯᠲᠠ ᠶᠢᠨ ᠲᠣᠭᠲᠠᠯᠴᠠᠭ᠎ᠠ ᠳᠤ ᠪᠠᠨ | ᠣᠷᠣᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠰᠡᠷᠡᠮᠵᠢᠯᠡᠬᠦ | ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠣᠭᠲᠠᠯᠴᠠᠭ᠎ᠠ ᠳᠤ ᠪᠠᠨ ᠣᠷᠣᠭᠤᠯᠤᠨ᠂ ᠲᠣᠣᠷᠵᠢᠭᠤᠯᠤᠭᠰᠠᠨ | ᠬᠠᠮᠢᠶᠠᠷᠤᠯᠲᠠ ᠪᠠ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠤᠳᠤ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠪᠦᠲᠦᠮᠵᠢᠲᠡᠶ ᠬᠡᠷᠡᠭᠯᠡᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠨᠢᠭᠡᠴᠢ ᠯᠦᠭᠡ ᠬᠠᠮᠲᠤᠷᠠᠯᠴᠠᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ᠂ ᠬᠢᠨᠠᠯᠲᠠ | ᠬᠠᠮᠢᠶᠠᠷᠤᠯᠲᠠ ᠶᠢᠨ ᠲᠤᠭ᠎ᠠ ᠪᠠᠷᠢᠮᠲᠠ᠂ ᠢᠨᠲ᠋ᠧᠷ ᠰᠦᠯᠵᠢᠶ᠎ᠡ ᠳᠤ ᠢᠯᠡ ᠪᠣᠯᠭᠠᠭᠰᠠᠨ ᠲᠤᠭ᠎ᠠ ᠪᠠᠷᠢᠮᠲᠠ ᠵᠢᠴᠢ | ᠭᠤᠷᠪᠠᠳᠠᠭᠴᠢ ᠡᠲᠡᠭᠡᠳ ᠤᠨ ᠪᠠᠶᠢᠭᠤᠯᠤᠮᠵᠢ ᠶᠢᠨ ᠲᠤᠭ᠎ᠠ ᠪᠠᠷᠢᠮᠲᠠ ᠵᠡᠷᠭᠡ ᠶᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ | ᠰᠠᠯᠠᠭ᠎ᠠ ᠮᠥᠴᠢᠷ ᠤᠨ ᠬᠤᠭᠤᠷᠣᠨᠳᠤ᠂ ᠣᠷᠣᠨ ᠪᠦᠰᠡ ᠶᠢᠨ ᠬᠤᠭᠤᠷᠣᠨᠳᠤ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠂ ᠬᠠᠤᠯᠢ ᠪᠤᠰᠤ ᠪᠠᠷ ᠪᠡᠯᠡ | ᠴᠤᠭᠯᠠᠭᠤᠯᠤᠭᠰᠠᠨ ᠮᠡᠳᠡᠭᠡ ᠵᠠᠩᠭᠢ ᠶᠢ ᠪᠦᠷᠢᠳᠬᠡᠬᠦ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ | ᠴᠠᠭ ᠲᠤᠬᠠᠢ ᠳᠤ ᠨᠢ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠬᠡᠷᠡᠭᠲᠡᠢ᠃ | ᠠᠶᠢᠮᠠᠭ ᠬᠤᠲᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠢᠨᠠᠨ | ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠳᠤ ᠵᠣᠯᠭᠠᠭᠤᠯᠤᠨ ᠬᠡᠷᠡᠭᠯᠡᠵᠦ᠂ ᠨᠥᠬᠦᠴᠡᠯ ᠲᠠᠢ ᠨᠢ ᠲᠣᠰ | ᠱᠠᠲᠤᠨ ᠤ ᠪᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ | ᠲᠠᠪᠴᠠᠩ ᠢ ᠪᠠᠶᠢᠭᠤᠯᠬᠤ ᠶᠢᠨ ᠬᠠᠮᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠢ ᠰᠢᠮᠳᠠᠭᠤᠯᠤᠨ ᠵᠢᠯᠤᠭᠤᠳᠴᠤ | ᠪᠠᠶᠢᠭᠠᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠰᠤᠳᠤᠯᠤᠨ | ᠮᠠᠭᠠᠳᠯᠠᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠢ᠃ | ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ | ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠡᠳᠦᠷ | ᠲᠤᠲᠤᠮ ᠤᠨ ᠬᠢᠨᠠᠨ ᠬᠠᠮᠢᠶᠠᠷᠬᠤ᠂ ᠮᠡᠷᠭᠡᠵᠢᠯ ᠤᠨ ᠬᠢᠨᠠᠨ ᠰᠢᠨᠵᠢᠬᠦ᠂ ᠲᠤᠰᠬᠠᠢ ᠵᠦᠢᠯ ᠢᠶᠠᠷ ᠵᠢᠭᠰᠠᠭᠠᠨ ᠪᠠᠶᠢᠴᠠᠭᠠᠬᠤ | ᠂ ᠰᠦᠪᠡᠭᠴᠢ ᠶᠢ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ | ᠲᠦᠭᠰᠢᠭᠦᠷᠢ ᠶᠢ ᠬᠢᠨᠠᠨ ᠰᠢᠨᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠬᠤ ᠬᠡᠷᠡᠭᠲᠡᠢ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠵᠡᠷᠭᠡ ᠦᠨᠳᠦᠰᠦᠨ | ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ | ᠲᠣᠣᠷᠠᠯᠵᠢ ᠪᠠᠷ ᠴᠠᠭᠳᠠᠨ ᠪᠠᠶᠢᠴᠠᠭᠠᠬᠤ᠂ ᠠᠰᠠᠷ ᠲᠠᠭᠲᠤ ᠶᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ | ᠬᠠᠷᠢᠭᠤᠴᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢᠶᠠᠷ | ᠰᠡᠵᠢᠭᠯᠡᠭᠳᠡᠭᠰᠡᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠭᠦᠯᠦᠨ ᠬᠦᠷᠭᠡᠬᠦ ᠬᠡᠷᠡᠭᠲᠡᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ | ᠲᠣᠣᠷᠠᠯᠵᠢ ᠶᠢᠨ ᠠᠵᠢᠯᠲᠠᠨ ᠢ ᠤᠬᠠᠭᠤᠯᠵᠤ ᠪᠣᠯᠪᠠᠰᠤᠷᠠᠯ ᠬᠦᠷᠲᠡᠭᠡᠬᠦ ᠡᠷᠴᠢᠮ ᠢᠶᠠᠨ ᠴᠢᠩᠭᠠᠷᠠᠭᠤᠯᠵᠤ᠂ | ᠤᠷᠮᠠᠰᠢᠭᠤᠯᠬᠤ ᠪᠠᠲᠤᠯᠠᠬᠤ ᠲᠣᠭᠲᠠᠴᠠ ᠪᠠᠨ ᠲᠡᠭᠦᠯᠳᠡᠷᠵᠢᠭᠦᠯᠦᠨ᠂ ᠲᠣᠣᠷᠠᠯᠵᠢ ᠶᠢᠨ ᠠᠵᠢᠯᠲᠠᠨ ᠢ ᠰᠢᠮᠳᠠᠭᠤᠯᠤᠨ | ᠵᠢᠯᠤᠭᠤᠳᠴᠤ ᠪᠠᠶᠢᠭᠠᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ ᠬᠢᠬᠦ᠂ | ᠰᠦᠪᠡᠭᠴᠢ ᠶᠢ ᠴᠠᠭᠳᠠᠨ ᠪᠠᠶᠢᠴᠠᠭᠠᠬᠤ ᠪᠠ ᠮᠡᠳᠡᠭᠡ ᠵᠠᠩᠭᠢ ᠪᠠᠨ ᠳᠡᠭᠡᠭᠰᠢ ᠮᠡᠳᠡᠭᠦᠯᠬᠦ ᠵᠡᠷᠭᠡ ᠠᠵᠢᠯ ᠢ ᠰᠠᠶᠢᠲᠤᠷ | ᠬᠢᠯᠭᠡᠬᠦ ᠬᠡᠷᠡᠭᠲᠡᠢ᠃ | ᠶᠢᠰᠦᠳᠦᠭᠡᠷ ᠵᠦᠢᠯ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ | ᠰᠠᠯᠠᠭ᠎ᠠ ᠮᠥᠴᠢᠷ ᠨᠢ ︽ᠬᠡᠨ ᠭᠤᠣᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ᠪᠠ ︽ᠬᠡᠨ ᠬᠢᠨᠠᠨ | ᠵᠥᠪᠰᠢᠶᠡᠷᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠬᠢᠨᠠᠨ ᠬᠠᠮᠢᠶᠠᠷᠬᠤ ᠠᠵᠢᠯ ᠲᠥᠷᠥᠯ ᠳᠠᠬᠢ | ᠲᠦᠭᠰᠢᠭᠦᠷᠢ ᠶᠢ ᠵᠠᠪᠠᠯ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠰ ᠠᠵᠢᠯ ᠲᠥᠷᠥᠯ᠂ ᠲᠣᠰ | ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠬᠢᠨᠠᠨ | ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠲᠣᠰ ᠠᠵᠢᠯ ᠲᠥᠷᠥᠯ᠂ | ᠲᠣᠰ ᠬᠦᠷᠢᠶᠡᠨ ᠤ ᠪᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠲᠦᠭᠰᠢᠭᠦᠷᠢ ᠶᠢᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠴᠤᠭᠯᠠᠭᠤᠯᠤᠨ ᠬᠤᠷᠢᠶᠠᠩᠭᠤᠶᠢᠯᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ | ᠲᠦᠭᠰᠢᠭᠦᠷᠢ ᠶᠢᠨ ᠰᠦᠪᠡᠭᠴᠢ ᠶᠢᠨ ᠡᠬᠡ ᠲᠠᠩᠰᠠ ᠶᠢ ᠪᠠᠶᠢᠭᠤᠯᠬᠤ ᠬᠡᠷᠡᠭᠲᠡᠢ᠃ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢᠨ ᠲᠦᠭᠰᠢᠭᠦᠷᠢ ᠶᠢᠨ ᠰᠦᠪᠡᠭᠴᠢ ᠶᠢ ᠣᠯᠵᠤ ᠮᠡᠳᠡᠪᠡᠯ᠂ ᠠᠵᠢᠯ ᠤᠨ ᠲᠡᠮᠳᠡᠭᠯᠡᠯ ᠢ ᠰᠠᠶᠢᠲᠤᠷ ᠬᠢᠵᠦ | ᠂ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠴᠤᠭᠯᠠᠭᠤᠯᠬᠤ ᠪᠠ ᠪᠦᠷᠢᠨ ᠪᠦᠲᠦᠨ ᠪᠠᠶᠢᠬᠤ ᠶᠢ ᠨᠢ ᠪᠠᠲᠤᠯᠠᠵᠤ᠂ ᠠᠩᠬ᠎ᠠ | ᠠᠯᠬᠤᠮ ᠬᠠᠷᠭᠤᠭᠤᠯᠤᠨ ᠪᠠᠶᠢᠴᠠᠭᠠᠭᠰᠠᠨ ᠪᠠ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ ᠠᠳᠠᠯᠢ ᠱᠠᠲᠤᠨ ᠤ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ | ᠮᠡᠳᠡᠭᠦᠯᠦᠨ ᠬᠦᠷᠭᠡᠬᠦ ᠬᠡᠷᠡᠭᠲᠡᠢ᠃ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠲᠣᠳᠣᠷᠬᠠᠢ | ᠲᠣᠭᠲᠠᠭᠠᠭᠰᠠᠨ ᠦᠭᠡᠢ ᠠᠵᠢᠯ ᠲᠥᠷᠥᠯ ᠤᠨ ᠬᠦᠷᠢᠶᠡᠨ ᠳᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠨᠢᠭᠡᠴᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠣᠲᠣ ᠶᠢᠨ ᠪᠠᠶᠢᠭ᠎ᠠ ᠬᠢᠨᠠᠯᠲᠠ ᠬᠠᠮᠢᠶᠠᠷᠤᠯᠲᠠ ᠶᠢᠨ | ᠠᠷᠭ᠎ᠠ ᠪᠠᠷᠢᠯ ᠢ ᠭᠦᠢᠴᠡᠳ ᠠᠰᠢᠭᠯᠠᠨ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ | ᠬᠢᠯᠭᠡᠬᠦ ᠬᠡᠷᠡᠭᠲᠡᠢ᠃ | ᠠᠷᠪᠠᠳᠤᠭᠠᠷ ᠵᠦᠢᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠪᠠ ᠡᠵᠡᠩᠨᠡᠯᠲᠡ ᠶᠢᠨ | ᠬᠡᠪᠴᠢᠶ᠎ᠡ ᠵᠡᠷᠭᠡ ᠶᠢ ᠳᠠᠩᠰᠠᠯᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠪᠠ ᠤᠯᠤᠰ ᠠᠴᠠ ᠪᠤᠰᠤᠳ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠪᠠ ᠡᠵᠡᠩᠨᠡᠯᠲᠡ ᠶᠢᠨ | ᠬᠡᠪᠴᠢᠶᠡᠨ ᠳᠤ ︽ᠮᠥᠩᠭᠦᠨ ᠭᠦᠢᠯᠭᠡᠭᠡ︾ ︽ᠠᠷᠠᠯᠵᠢᠶᠠᠨ ᠤ ᠭᠠᠵᠠᠷ︾ ︽ᠠᠷᠠᠯᠵᠢᠶᠠᠨ ᠤ ᠲᠥᠪ︾ ︽ᠡᠳ᠋ | ᠡᠷᠬᠢᠯᠡᠬᠦ ᠮᠥᠩᠭᠦ ᠦᠷᠡᠵᠢᠭᠦᠯᠬᠦ︾ ︽ᠡᠳ᠋ ᠪᠠᠶᠠᠯᠢᠭ ᠤᠨ ᠬᠠᠮᠢᠶᠠᠷᠤᠯᠲᠠ︾ ︽ᠰᠲ᠋ᠣᠺ ᠤᠨ ᠡᠷᠬᠡ ᠶᠢᠨ ᠤᠯᠠᠨ ᠤ | ᠬᠤᠷᠠᠮᠳᠤᠯᠭ᠎ᠠ︾ ᠵᠡᠷᠭᠡ ᠦᠰᠦᠭ ᠪᠤᠶᠤ ᠠᠭᠤᠯᠭ᠎ᠠ ᠠᠭᠤᠯᠵᠣ ᠪᠣᠯᠬᠤ ᠦᠭᠡᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠂ ᠨᠢᠭᠡᠴᠢ ᠨᠢ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠨᠡᠷᠡᠶᠢᠳᠦᠯ ᠪᠤᠶᠤ ᠡᠵᠡᠩᠨᠡᠯᠲᠡ ᠶᠢᠨ ᠬᠡᠪᠴᠢᠶᠡᠨ ᠳᠤ ᠡᠮᠦᠨᠡᠬᠢ ᠪᠠᠳᠠᠭ ᠲᠤ | ᠲᠣᠭᠲᠠᠭᠠᠭᠰᠠᠨ ᠥᠰᠥᠭ ᠪᠤᠶᠤ ᠠᠭᠤᠯᠭ᠎ᠠ ᠵᠢᠴᠢ ᠪᠡᠯᠡ ᠴᠤᠭᠯᠠᠭᠤᠯᠬᠤ ᠳᠤ ᠬᠤᠯᠪᠣᠭᠳᠠᠬᠤ ᠪᠤᠰᠤᠳ ᠥᠰᠥᠭ | ᠪᠤᠶᠤ ᠠᠭᠤᠯᠭ᠎ᠠ ᠠᠭᠤᠯᠵᠣ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤ ᠨᠢ ᠭᠤᠣᠯᠳᠠᠯᠭ᠎ᠠ ᠲᠠᠢ ᠠᠩᠬᠠᠷᠤᠨ᠂ | ᠬᠠᠤᠯᠢ ᠲᠣᠭᠲᠠᠭᠠᠯ ᠶᠣᠰᠣᠭᠠᠷ ᠬᠠᠮᠢᠶᠠᠷᠴᠤ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠣᠳᠣ | ᠪᠠᠶᠢᠭ᠎ᠠ ᠶᠢ ᠨᠢ ᠲᠥᠷᠥᠯ ᠬᠤᠪᠢᠶᠠᠨ ᠯᠠᠪᠳᠠᠭᠤᠨ ᠪᠠᠲᠤᠲᠠᠢ ᠰᠢᠢᠳᠪᠦᠷᠢᠯᠡᠵᠦ᠂ ᠲᠦᠭᠰᠢᠭᠦᠷᠢ ᠶᠢᠨ ᠬᠡᠮ ᠢ | ᠪᠦᠲᠦᠮᠵᠢᠲᠡᠶ ᠠᠷᠢᠯᠭᠠᠬᠤ ᠬᠡᠷᠡᠭᠲᠡᠢ᠃ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠠᠶᠢᠪᠠᠯ᠂ ᠴᠠᠭ | ᠲᠤᠬᠠᠢ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠴᠠᠬᠢᠯᠭᠠᠨ ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠯᠦᠭᠡ ᠬᠠᠮᠲᠤᠷᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠪᠠᠷ ᠰᠡᠵᠢᠭᠯᠡᠭᠳᠡᠭᠰᠡᠨ ᠢᠨᠲ᠋ᠧᠷ ᠰᠦᠯᠵᠢᠶᠡᠨ ᠤ | ᠮᠡᠳᠡᠭᠡ ᠵᠠᠩᠭᠢ ᠪᠠ ᠰᠦᠯᠵᠢᠶᠡᠨ ᠦᠷᠲᠡᠭᠡ᠂ ᠰᠢᠯᠵᠢᠮᠡᠯ ᠬᠡᠷᠡᠭᠯᠡᠯᠲᠡ ᠶᠢᠨ ᠫᠷᠣᠭ᠍ᠷᠠᠮ ᠵᠡᠷᠭᠡ ᠢᠨᠲ᠋ᠧᠷ ᠰᠦᠯᠵᠢᠶᠡᠨ ᠤ | ᠬᠡᠷᠡᠭᠯᠡᠯᠲᠡ ᠶᠢ ᠬᠢᠨᠠᠨ ᠰᠢᠨᠵᠢᠬᠦ ᠪᠠᠨ ᠴᠢᠩᠭᠠᠳᠬᠠᠬᠤ ᠬᠡᠷᠡᠭᠲᠡᠢ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠳᠤ ᠬᠡᠷᠡᠭᠯᠡᠭᠰᠡᠨ ᠢᠶᠠᠷ ᠮᠠᠭᠠᠳᠯᠠᠨ ᠲᠣᠭᠲᠠᠭᠠᠭᠰᠠᠨ ᠢ ᠨᠢ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠴᠠᠬᠢᠯᠭᠠᠨ ᠬᠤᠯᠪᠣᠭ᠎ᠠ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠴᠠᠬᠢᠯᠭᠠᠨ ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠦᠢᠯᠡᠴᠢᠯᠡᠭᠡ ᠬᠠᠩᠭᠠᠭᠴᠢ ᠪᠠ ᠰᠢᠯᠵᠢᠮᠡᠯ ᠬᠡᠷᠡᠭᠯᠡᠯᠲᠡ ᠶᠢᠨ ᠦᠢᠯᠡᠴᠢᠯᠡᠭᠡ ᠬᠠᠩᠭᠠᠭᠴᠢ ᠶᠢ | ᠰᠢᠮᠳᠠᠭᠤᠯᠤᠨ ᠵᠢᠯᠤᠭᠤᠳᠴᠤ ᠪᠠᠶᠢᠭᠠᠳ ᠬᠡᠷᠡᠭᠯᠡᠭᠴᠢ ᠶᠢᠨ ᠨᠡᠶᠢᠲᠡᠯᠡᠭᠰᠡᠨ ᠮᠡᠳᠡᠭᠡ ᠵᠠᠩᠭᠢ ᠶᠢᠨ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠰᠡᠵᠢᠭᠯᠡᠯᠲᠡᠢ ᠮᠡᠳᠡᠭᠡ ᠵᠠᠩᠭᠢ ᠶᠢ | ᠦᠢᠯᠡᠳᠴᠦ᠂ ᠬᠠᠭᠤᠯᠪᠤᠷᠢᠯᠠᠵᠤ᠂ ᠨᠡᠶᠢᠲᠡᠯᠡᠵᠦ᠂ ᠲᠠᠷᠬᠠᠭᠠᠵᠤ ᠪᠣᠯᠬᠤ ᠦᠭᠡᠢ᠃ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢᠨ ᠰᠡᠵᠢᠭᠯᠡᠯᠲᠡᠢ ᠮᠡᠳᠡᠭᠡ ᠵᠠᠩᠭᠢ ᠶᠢ ᠣᠯᠵᠤ ᠮᠡᠳᠡᠪᠡᠯ᠂ ᠬᠤᠯᠪᠣᠭᠳᠠᠯ ᠪᠦᠬᠦᠢ ᠲᠡᠮᠳᠡᠭᠯᠡᠯ ᠢ | ᠬᠠᠳᠠᠭᠠᠯᠠᠬᠤ ᠶᠢᠨ ᠬᠠᠮᠲᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠤᠯᠤᠰ ᠠᠴᠠ ᠪᠤᠰᠤᠳ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠶᠠᠮᠠᠷᠪᠠ | ᠨᠢᠭᠡᠴᠢ ᠪᠠ ᠬᠤᠪᠢ ᠬᠥᠮᠥᠨ ᠭᠡᠳ ᠪᠡᠯᠡ ᠴᠤᠭᠯᠠᠭᠤᠯᠬᠤ ᠠᠭᠤᠯᠭ᠎ᠠ ᠠᠭᠤᠯᠤᠭᠰᠠᠨ ᠵᠠᠷ ᠮᠡᠳᠡᠭᠡ ᠨᠡᠶᠢᠲᠡᠯᠡᠬᠦ ᠪᠤᠶᠤ | ᠪᠤᠰᠤᠳ ᠠᠷᠭ᠎ᠠ ᠪᠠᠷ ᠨᠡᠶᠢᠭᠡᠮ ᠨᠡᠶᠢᠲᠡ ᠳᠤ ᠪᠡᠯᠡ ᠴᠤᠭᠯᠠᠭᠤᠯᠬᠤ ᠤᠬᠠᠭᠤᠯᠭ᠎ᠠ ᠬᠢᠵᠦ ᠪᠣᠯᠬᠤ ᠦᠭᠡᠢ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠪᠤᠰᠤ ᠪᠠᠷ | ᠪᠡᠯᠡ ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠵᠠᠷ ᠮᠡᠳᠡᠭᠡ ᠶᠢ ᠬᠢᠨᠠᠨ ᠰᠢᠨᠵᠢᠬᠦ ᠪᠠᠨ ᠴᠢᠩᠭᠠᠳᠬᠠᠬᠤ ᠬᠡᠷᠡᠭᠲᠡᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ | ᠵᠣᠬᠢᠶᠠᠨ ᠪᠠᠶᠢᠭᠤᠯᠵᠤ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢᠶᠠᠷ ᠮᠠᠭᠠᠳᠯᠠᠨ ᠲᠣᠭᠲᠠᠭᠠᠭᠰᠠᠨ ᠪᠣᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ | ᠬᠠᠮᠢᠶ᠎ᠠ ᠪᠦᠬᠦᠢ ᠵᠠᠷ ᠮᠡᠳᠡᠭᠡ ᠶᠢ ᠴᠠᠭ ᠲᠤᠬᠠᠢ ᠳᠤ ᠨᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠷ ᠮᠡᠳᠡᠭᠡ ᠡᠵᠡᠩᠨᠡᠭᠴᠢ᠂ ᠵᠠᠷ | ᠮᠡᠳᠡᠭᠡ ᠨᠡᠶᠢᠲᠡᠯᠡᠭᠴᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠢ ᠨᠢ ᠪᠠᠶᠢᠴᠠᠭᠠᠨ ᠰᠢᠯᠭᠠᠵᠤ᠂ ᠵᠠᠷ | ᠮᠡᠳᠡᠭᠡ ᠶᠢᠨ ᠠᠭᠤᠯᠭ᠎ᠠ ᠶᠢ ᠨᠢ ᠬᠠᠷᠭᠤᠭᠤᠯᠬᠤ ᠬᠡᠷᠡᠭᠲᠡᠢ᠃ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ | ᠪᠠᠶᠢᠬᠤ ᠦᠭᠡᠢ ᠮᠥᠷᠲᠡᠭᠡᠨ ᠪᠡᠯᠡ ᠴᠤᠭᠯᠠᠭᠤᠯᠬᠤ ᠠᠭᠤᠯᠭ᠎ᠠ ᠠᠭᠤᠯᠤᠭᠰᠠᠨ ᠵᠠᠷ ᠮᠡᠳᠡᠭᠡ ᠶᠢ ᠪᠣᠯ᠂ ᠵᠠᠷ ᠮᠡᠳᠡᠭᠡ | ᠡᠵᠡᠩᠨᠡᠭᠴᠢ ᠵᠢᠷᠤᠵᠤ ᠲᠥᠯᠥᠪᠯᠡᠬᠦ᠂ ᠦᠢᠯᠡᠳᠬᠦ᠂ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ ᠪᠣᠯᠬᠤ ᠦᠭᠡᠢ | ᠂ ᠵᠠᠷ ᠮᠡᠳᠡᠭᠡ ᠨᠡᠶᠢᠲᠡᠯᠡᠭᠴᠢ ᠨᠡᠶᠢᠲᠡᠯᠡᠵᠦ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠪᠠᠶᠢᠭ᠎ᠠ ᠭᠠᠵᠠᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ | ᠪᠠᠶᠢᠭᠤᠯᠤᠮᠵᠢ ᠯᠤᠭ᠎ᠠ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠡᠯᠡ ᠮᠥᠩᠭᠦ ᠶᠢ ᠬᠢᠨᠠᠨ ᠰᠢᠨᠵᠢᠬᠦ | ᠲᠣᠭᠲᠠᠴᠠ ᠶᠢ ᠪᠠᠶᠢᠭᠤᠯᠬᠤ ᠬᠡᠷᠡᠭᠲᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠶᠢ | ᠰᠢᠮᠳᠠᠭᠤᠯᠤᠨ ᠵᠢᠯᠤᠭᠤᠳᠴᠤ ᠪᠠᠶᠢᠭᠠᠳ ᠪᠡᠯᠡ ᠮᠥᠩᠭᠦ ᠶᠢᠨ ᠬᠡᠪ ᠤᠨ ᠪᠤᠰᠤ ᠡᠷᠭᠢᠯᠲᠡ ᠶᠢᠨ ᠪᠠᠶᠢᠳᠠᠯ ᠵᠢᠴᠢ | ᠪᠤᠰᠤᠳ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠡᠯᠡ ᠮᠥᠩᠭᠦ ᠶᠢ ᠬᠢᠨᠠᠨ ᠰᠢᠨᠵᠢᠬᠦ ᠠᠵᠢᠯ ᠢᠶᠠᠨ | ᠴᠢᠩᠭᠠᠳᠬᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠨᠢ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠶᠢ ᠰᠢᠮᠳᠠᠭᠤᠯᠤᠨ | ᠵᠢᠯᠤᠭᠤᠳᠴᠤ ᠪᠠᠶᠢᠭᠠᠳ ᠳᠣᠣᠷ᠎ᠠ ᠵᠢᠭᠰᠠᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ | ᠡᠭᠦᠷᠭᠡ ᠶᠢ ᠭᠦᠢᠴᠡᠳᠬᠡᠭᠦᠯᠬᠦ ᠬᠡᠷᠡᠭᠲᠡᠢ᠄ | ︵ᠨᠢᠭᠡ︶ ᠳᠣᠲᠣᠭᠠᠳᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠪᠢᠶᠠᠷᠢ | ᠪᠠᠶᠢᠭᠤᠯᠤᠮᠵᠢ ᠪᠠ ᠠᠵᠢᠯᠲᠠᠨ ᠠᠵᠢᠯᠴᠢᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠣᠷᠣᠯᠴᠠᠬᠤ ᠶᠢ | ᠴᠠᠭᠠᠵᠠᠯᠠᠵᠤ᠂ ᠪᠤᠰᠤᠳ ᠬᠥᠮᠥᠨ ᠡᠵᠡᠩᠨᠡᠯᠲᠡ ᠶᠢᠨ ᠲᠠᠯᠠᠪᠤᠷ ᠭᠠᠵᠠᠷ᠂ ᠪᠣᠷᠤᠯᠠᠭᠤᠯᠭ᠎ᠠ ᠶᠢᠨ ᠠᠷᠭ᠎ᠠ ᠵᠠᠮ ᠢ ᠨᠢ | ᠠᠰᠢᠭᠯᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠬᠡᠷᠡᠭᠲᠡᠢ︔ | ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠲᠠᠯ᠎ᠠ ᠪᠠᠷ ᠨᠡᠶᠢᠭᠡᠮ ᠨᠡᠶᠢᠲᠡ ᠳᠤ | ᠤᠬᠠᠭᠤᠯᠭ᠎ᠠ ᠬᠥᠮᠦᠵᠢᠯ ᠬᠢᠬᠦ ᠪᠠᠨ ᠴᠢᠩᠭᠠᠳᠬᠠᠵᠤ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠢᠯᠡ ᠭᠠᠵᠠᠷ ᠲᠤ | ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠬᠤ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ ᠲᠦᠭᠡᠭᠡᠨ ᠲᠠᠷᠬᠠᠭᠠᠬᠤ | ᠬᠡᠷᠡᠭᠲᠡᠢ︔ | ︵ᠭᠤᠷᠪᠠ︶ ᠶᠡᠭᠡ ᠲᠣᠭᠠᠨ ᠤ ᠠᠷᠠᠯᠵᠢᠶ᠎ᠠ ᠪᠠ ᠰᠡᠵᠢᠭᠯᠡᠯᠲᠡᠢ ᠠᠷᠠᠯᠵᠢᠶ᠎ᠠ ᠶᠢ ᠮᠡᠳᠡᠭᠦᠯᠬᠦ ᠳᠦᠷᠢᠮ ᠢ ᠬᠠᠤᠯᠢ | ᠶᠣᠰᠣᠭᠠᠷ ᠴᠢᠩᠭ᠎ᠠ ᠬᠡᠷᠡᠭᠵᠢᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠡᠯᠡ ᠮᠥᠩᠭᠦ ᠶᠢᠨ | ᠬᠡᠪ ᠤᠨ ᠪᠤᠰᠤ ᠡᠷᠭᠢᠯᠲᠡ ᠲᠠᠢ ᠬᠠᠮᠢᠶ᠎ᠠ ᠪᠦᠬᠦᠢ ᠲᠠᠩᠰᠠᠨ ᠡᠷᠦᠬᠡ ᠳᠤ ᠵᠠᠳᠠᠯᠤᠯᠲᠠ ᠬᠢᠵᠦ ᠢᠯᠭᠠᠨ ᠲᠠᠨᠢᠬᠤ ᠶᠢᠨ | ᠬᠠᠮᠲᠤ᠂ ᠬᠤᠯᠪᠣᠭᠳᠠᠯ ᠪᠦᠬᠦᠢ ᠪᠠᠶᠢᠳᠠᠯ ᠢ ᠪᠠᠶᠢᠭ᠎ᠠ ᠭᠠᠵᠠᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ | ᠪᠠ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ | ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠨᠢ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠢ ᠵᠢᠯᠣᠭᠤᠳᠤᠨ | ᠠᠵᠢᠯ ᠲᠦᠷᠦᠯ ᠤᠨ ᠪᠠᠷᠢᠮᠵᠢᠶ᠎ᠠ ᠪᠠ ᠥᠪᠡᠷ ᠢ ᠪᠠᠨ ᠱᠠᠭᠠᠷᠳᠠᠬᠤ ᠳᠦᠷᠢᠮ ᠳᠤ ᠪᠠᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠡᠮᠵᠢᠯᠡᠬᠦ ᠠᠭᠤᠯᠭ᠎ᠠ ᠶᠢ ᠨᠢ ᠲᠣᠳᠣᠷᠬᠠᠢ ᠲᠣᠭᠲᠠᠭᠠᠯᠭᠠᠵᠤ᠂ ᠲᠦᠭᠰᠢᠭᠦᠷᠢ ᠶᠢ ᠰᠡᠷᠡᠮᠵᠢᠯᠡᠬᠦ | ᠬᠥᠮᠦᠵᠢᠯ ᠥᠷᠨᠢᠭᠦᠯᠵᠦ᠂ ᠭᠡᠰᠢᠭᠦᠳ ᠢᠶᠠᠨ ᠰᠢᠮᠳᠠᠭᠤᠯᠤᠨ ᠵᠢᠯᠤᠭᠤᠳᠴᠤ ᠪᠠᠶᠢᠭᠠᠳ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠢᠳᠡᠪᠬᠢᠲᠡᠢ ᠰᠡᠷᠡᠮᠵᠢᠯᠡᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠵᠣᠬᠢᠶᠠᠨ ᠪᠠᠶᠢᠭᠤᠯᠬᠤ | ᠦᠭᠡᠢ ᠮᠥᠷᠲᠡᠭᠡᠨ ᠡᠨᠡ ᠬᠦ ᠦᠢᠯᠡ ᠳᠤ ᠬᠠᠮᠵᠢᠯᠴᠠᠬᠤ ᠦᠭᠡᠢ᠂ ᠣᠷᠣᠯᠴᠠᠬᠤ ᠦᠭᠡᠢ ᠪᠠᠶᠢᠬᠤ ᠬᠡᠷᠡᠭᠲᠡᠢ᠃ ᠬᠠᠤᠯᠢ | ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠮᠡᠳᠡᠭᠡ ᠵᠠᠩᠭᠢ ᠶᠢ ᠣᠯᠵᠤ ᠮᠡᠳᠡᠪᠡᠯ᠂ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ | ᠮᠡᠳᠡᠭᠦᠯᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠳᠣᠣᠷᠠᠳᠤ | ᠱᠠᠲᠤ ᠬᠤᠯᠪᠤᠭᠠᠯᠠᠨ ᠬᠥᠳᠡᠯᠦᠯᠴᠡᠭᠰᠡᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ | ᠬᠥᠮᠦᠵᠢᠯ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ | ᠤᠬᠠᠭᠤᠯᠭ᠎ᠠ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠤᠬᠠᠭᠤᠯᠭ᠎ᠠ ᠶᠢᠨ ᠲᠥᠯᠥᠪᠯᠡᠭᠡ | ᠲᠣᠭᠲᠠᠭᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠪᠠᠶᠢᠩᠭᠤ ᠶᠢᠨ ᠤᠬᠠᠭᠤᠯᠭ᠎ᠠ ᠬᠥᠮᠦᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠵᠠᠭᠤᠴᠢᠯᠠᠭᠤᠷ ᠪᠤᠶᠤ ᠠᠴᠢᠶᠠᠯᠠᠪᠤᠷᠢ ᠶᠢ ᠭᠦᠢᠴᠡᠳ | ᠬᠡᠷᠡᠭᠯᠡᠨ᠂ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ᠂ ᠬᠠᠤᠯᠢ ᠴᠠᠭᠠᠵᠠ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ ᠪᠡᠯᠡ ᠣᠷᠣᠭᠤᠯᠤᠯᠲᠠ ᠶᠢᠨ | ᠲᠦᠭᠰᠢᠭᠦᠷᠢ ᠶᠢᠨ ᠪᠣᠯᠪᠠᠰᠤᠷᠠᠯ ᠬᠦᠷᠲᠡᠭᠡᠬᠦ ᠵᠡᠷᠭᠡ ᠠᠷᠭ᠎ᠠ ᠪᠠᠷ ᠨᠡᠶᠢᠭᠡᠮ ᠨᠡᠶᠢᠲᠡ ᠳᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢᠨ ᠬᠠᠤᠯᠢ ᠠᠴᠠ ᠵᠥᠷᠢᠴᠡᠬᠦ ᠴᠢᠨᠠᠷ᠂ ᠬᠤᠣᠷ ᠬᠥᠨᠥᠭᠡᠯᠳᠦ ᠴᠢᠨᠠᠷ ᠵᠢᠴᠢ ᠲᠡᠭᠦᠨ ᠤ ᠢᠯᠡᠷᠡᠬᠦ | ᠬᠡᠯᠪᠡᠷᠢ ᠵᠡᠷᠭᠡ ᠶᠢ ᠤᠬᠠᠭᠤᠯᠵᠤ᠂ ᠨᠡᠶᠢᠭᠡᠮ ᠨᠡᠶᠢᠲᠡ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ | ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ᠃ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ | ᠵᠢᠴᠢ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠨᠢ ᠲᠣᠰ ᠠᠵᠢᠯ ᠲᠥᠷᠥᠯ᠂ ᠲᠣᠰ | ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢᠨ ᠣᠨᠴᠠᠯᠢᠭ ᠢ ᠦᠨᠳᠦᠰᠦᠯᠡᠨ᠂ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠴᠢᠭᠯᠡᠭᠦᠯᠬᠦ | ᠴᠢᠨᠠᠷᠲᠠᠢ ᠪᠠᠷ ᠥᠷᠨᠢᠭᠦᠯᠬᠦ ᠬᠡᠷᠡᠭᠲᠡᠢ᠃ | ᠤᠬᠠᠭᠤᠯᠬᠤ ᠰᠠᠯᠠᠭ᠎ᠠ ᠮᠥᠴᠢᠷ ᠨᠢ ᠰᠣᠨᠢᠨ ᠮᠡᠳᠡᠭᠡᠨ ᠤ ᠵᠠᠭᠤᠴᠢᠯᠠᠭᠤᠷ ᠢ ᠰᠢᠮᠳᠠᠭᠤᠯᠤᠨ ᠵᠢᠯᠤᠭᠤᠳᠴᠤ | ᠪᠠᠶᠢᠭᠠᠳ ᠲᠤᠬᠠᠢ ᠶᠢᠨ ᠭᠠᠵᠠᠷ ᠤᠨ ᠭᠤᠣᠯ ᠪᠣᠯᠬᠤ ᠰᠣᠨᠢᠨ ᠰᠡᠳᠬᠦᠯ᠂ ᠷᠠᠳᠢᠣ᠋᠂ ᠲᠧᠯᠸᠢᠰ᠂ ᠭᠤᠣᠯ ᠪᠣᠯᠬᠤ | ᠰᠣᠨᠢᠨ ᠮᠡᠳᠡᠭᠡᠨ ᠤ ᠰᠦᠯᠵᠢᠶ᠎ᠡ ᠵᠢᠴᠢ ᠰᠢᠨ᠎ᠡ ᠮᠠᠶ᠋ᠢᠭ ᠤᠨ ᠰᠦᠯᠵᠢᠶᠡᠨ ᠤ ᠨᠡᠶᠢᠭᠡᠮ ᠤᠨ ᠬᠠᠷᠢᠯᠴᠠᠭᠠᠨ ᠤ ᠲᠠᠪᠴᠠᠩ | ᠵᠡᠷᠭᠡ ᠤᠬᠠᠭᠤᠯᠭ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠬᠦ | ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠳᠤ ᠬᠠᠤᠯᠢ ᠶᠣᠰᠣᠭᠠᠷ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢᠯᠡ | ᠠᠵᠢᠯᠯᠠᠭ᠎ᠠ ᠳᠤ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ | ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠢᠯᠡᠴᠢᠯᠡᠨ ᠮᠡᠳᠡᠭᠦᠯᠬᠦ ᠡᠷᠬᠡ ᠲᠠᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠵᠢᠴᠢ | ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠬᠦ ᠤᠲᠠᠰᠤ ᠪᠠ ᠰᠢᠤᠳᠠᠨ ᠵᠡᠷᠭᠡ | ᠢᠯᠡᠴᠢᠯᠡᠨ ᠮᠡᠳᠡᠭᠦᠯᠬᠦ ᠠᠷᠭ᠎ᠠ ᠪᠠᠨ ᠢᠯᠡ ᠪᠣᠯᠭᠠᠵᠤ᠂ ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠳᠤ | ᠢᠯᠡᠴᠢᠯᠡᠨ ᠮᠡᠳᠡᠭᠦᠯᠬᠦ ᠲᠤᠰᠬᠠᠢ ᠪᠤᠯᠤᠩ ᠭᠠᠷᠭᠠᠨ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠴᠠᠭ | ᠲᠤᠬᠠᠢ ᠳᠤ ᠨᠢ ᠬᠠᠤᠯᠢ ᠶᠣᠰᠣᠭᠠᠷ ᠰᠢᠢᠳᠪᠦᠷᠢᠯᠡᠵᠦ᠂ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠢ᠃ | ᠨᠥᠬᠦᠴᠡᠯ ᠳᠤ ᠨᠡᠶᠢᠴᠡᠭᠰᠡᠨ ᠢᠯᠡᠴᠢᠯᠡᠨ ᠮᠡᠳᠡᠭᠦᠯᠦᠯᠲᠡ ᠶᠢ ᠱᠠᠩᠨᠠᠨ ᠬᠥᠬᠢᠭᠦᠯᠬᠦ ᠶᠢ ᠵᠣᠷᠢᠭᠵᠢᠭᠤᠯᠤᠨ᠎ᠠ᠃ | ᠠᠷᠪᠠᠨ ᠨᠠᠢᠮᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠪᠤᠶᠤ ᠲᠣᠰ ᠠᠵᠢᠯ ᠲᠥᠷᠥᠯ᠂ ᠲᠣᠰ | ᠬᠦᠷᠢᠶᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠲᠦᠭᠰᠢᠭᠦᠷᠢ ᠣᠷᠣᠰᠢᠬᠤ ᠪᠣᠯᠣᠮᠵᠢ ᠲᠠᠢ ᠶᠢ ᠣᠯᠵᠤ | ᠮᠡᠳᠡᠪᠡᠯ᠂ ᠬᠠᠮᠢᠶ᠎ᠠ ᠪᠦᠬᠦᠢ ᠨᠢᠭᠡᠴᠢ ᠪᠠ ᠬᠤᠪᠢ ᠬᠥᠮᠥᠨ ᠲᠠᠢ ᠰᠡᠷᠡᠮᠵᠢᠯᠡᠭᠦᠯᠦᠨ ᠪᠣᠯᠵᠣᠨ ᠶᠠᠷᠢᠯᠴᠠᠵᠤ᠂ | ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠡᠷᠬᠡ ᠲᠠᠢ᠃ ᠰᠡᠷᠡᠮᠵᠢᠯᠡᠭᠦᠯᠬᠦ ᠪᠠᠷ ᠪᠣᠯᠵᠣᠨ ᠶᠠᠷᠢᠯᠴᠠᠬᠤ ᠶᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠤᠰᠠᠭᠠᠷ ᠢᠶᠠᠷ ᠢᠶᠠᠨ ᠪᠤᠶᠤ ᠬᠠᠮᠲᠤᠷᠠᠨ ᠥᠷᠨᠢᠭᠦᠯᠵᠦ ᠪᠣᠯᠣᠨ᠎ᠠ᠃ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ | ᠲᠤᠰᠠᠭᠠᠷ ᠢᠶᠠᠷ ᠢᠶᠠᠨ ᠪᠣᠯᠵᠣᠨ ᠶᠠᠷᠢᠯᠴᠠᠭᠰᠠᠨ ᠪᠠᠶᠢᠳᠠᠯ ᠵᠢᠴᠢ ᠰᠢᠮᠳᠠᠭᠤᠯᠵᠤ ᠪᠠᠶᠢᠭᠠᠳ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠲᠦᠷᠦᠭᠦᠯᠡᠨ ᠰᠢᠢᠳᠪᠦᠷᠢᠯᠡᠬᠦ | ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠬᠠᠤᠯᠢ ᠪᠤᠰᠤ ᠪᠠᠷ ᠪᠡᠯᠡ | ᠴᠤᠭᠯᠠᠭᠤᠯᠬᠤ ᠲᠦᠭᠰᠢᠭᠦᠷᠢ ᠳᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ | ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠢᠯᠡᠷᠡᠬᠦ ᠬᠡᠯᠪᠡᠷᠢ᠂ ᠪᠣᠳᠠᠲᠠᠢ | ᠣᠨᠴᠠᠯᠢᠭ ᠪᠠ ᠬᠤᠣᠷ ᠬᠥᠨᠥᠭᠡᠯᠳᠦ ᠴᠢᠨᠠᠷ ᠵᠡᠷᠭᠡ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤ ᠨᠢ ᠨᠡᠶᠢᠭᠡᠮ ᠳᠤ | ᠨᠡᠪᠲᠡᠷᠡᠭᠦᠯᠦᠨ ᠮᠡᠳᠡᠭᠡᠯᠡᠵᠦ᠂ ᠰᠡᠷᠡᠮᠵᠢᠯᠡᠭᠦᠯᠬᠦ ᠪᠠ ᠲᠦᠭᠰᠢᠭᠦᠷᠢ ᠶᠢᠨ ᠰᠠᠨᠠᠭᠤᠯᠤᠮᠵᠢ ᠥᠭᠬᠦ ᠬᠡᠷᠡᠭᠲᠡᠢ᠃ | ᠬᠤᠷᠢᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠮᠡᠳᠡᠭᠡ ᠵᠠᠩᠭᠢ ᠶᠢ ᠴᠤᠭᠯᠠᠭᠤᠯᠤᠨ ᠳᠠᠩᠰᠠᠯᠠᠬᠤ | ᠳᠦᠷᠢᠮ ᠢ ᠪᠠᠶᠢᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠡᠯ᠎ᠡ ᠲᠥᠷᠥᠯ ᠤᠨ | ᠬᠡᠷᠡᠭ᠂ ᠰᠦᠪᠡᠭᠴᠢ ᠵᠡᠷᠭᠡ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠵᠦ᠂ ᠠᠵᠢᠯ ᠤᠨ ᠡᠬᠡ ᠲᠠᠩᠰᠠ | ᠪᠠᠶᠢᠭᠤᠯᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠳᠡᠭᠡᠳᠦ ᠨᠢᠭᠡ ᠱᠠᠲᠤᠨ ᠤ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠢ᠃ | ᠭᠤᠷᠪᠠᠳᠤᠭᠠᠷ ᠪᠦᠯᠦᠭ ᠪᠠᠶᠢᠴᠠᠭᠠᠬᠤ ᠪᠠ ᠰᠢᠢᠳᠪᠦᠷᠢᠯᠡᠬᠦ | ᠬᠤᠷᠢᠨ ᠨᠢᠭᠡᠳᠦᠭᠡᠷ ᠵᠦᠢᠯ ᠳᠣᠣᠷ᠎ᠠ ᠵᠢᠭᠰᠠᠭᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ | ᠦᠢᠯᠡ ᠠᠵᠢᠯᠯᠠᠭ᠎ᠠ ᠳᠤ᠂ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠬᠦ ᠬᠡᠷᠡᠭᠲᠡᠢ᠄ | ︵ᠨᠢᠭᠡ︶ ᠢᠨᠲ᠋ᠧᠷ ᠰᠦᠯᠵᠢᠶᠡᠨ ᠤ ᠠᠵᠤ ᠠᠬᠤᠶᠢᠯᠠᠯ᠂ ᠪᠡᠯᠡ ᠣᠷᠣᠭᠤᠯᠤᠯᠲᠠ ᠵᠢᠴᠢ ᠪᠡᠯᠡ | ᠣᠷᠣᠭᠤᠯᠤᠯᠲᠠ ᠶᠢᠨ ᠵᠥᠪᠯᠡᠮᠵᠢ ᠶᠢᠨ ᠲᠦᠷᠦᠯ ᠤᠨ ᠠᠵᠤ ᠠᠬᠤᠶᠢᠯᠠᠯ᠂ ᠡᠯ᠎ᠡ ᠲᠦᠷᠦᠯ ᠤᠨ ᠠᠷᠠᠯᠵᠢᠶᠠᠨ ᠤ ᠲᠠᠯᠠᠪᠤᠷ | ᠭᠠᠵᠠᠷ ᠪᠤᠶᠤ ᠲᠠᠪᠴᠠᠩ᠂ ᠲᠠᠷᠢᠶᠠᠴᠢᠨ ᠤ ᠲᠤᠰᠬᠠᠢ ᠬᠤᠷᠰᠢᠶᠠᠵᠢᠯ᠂ ᠪᠡᠯᠡ ᠮᠥᠩᠭᠦ ᠶᠢᠨ ᠬᠠᠪᠰᠤᠷᠤᠯᠴᠠᠬᠤ ᠵᠣᠬᠢᠶᠠᠨ | ᠪᠠᠶᠢᠭᠤᠯᠤᠯᠲᠠ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ ᠪᠡᠯᠡ ᠮᠥᠩᠭᠦ ᠰᠢᠩᠭᠡᠬᠡᠨ ᠠᠪᠬᠤ︔ | ︵ᠬᠤᠶᠠᠷ︶ ᠰᠲ᠋ᠣᠺ ᠤᠨ ᠡᠷᠬᠡ᠂ ᠠᠪᠴᠠᠭᠠᠨ ᠤ ᠡᠷᠬᠡ ᠶᠢ ᠲᠠᠷᠬᠠᠭᠠᠬᠤ ᠪᠤᠶᠤ ᠰᠢᠯᠵᠢᠭᠦᠯᠦᠨ ᠥᠭᠬᠦ ᠪᠠᠷ | ᠰᠠᠭᠤᠷᠢ ᠮᠥᠩᠭᠦ ᠴᠤᠭᠯᠠᠭᠤᠯᠬᠤ᠂ ᠳᠠᠭᠠᠳᠬᠠᠯ ᠤᠨ ᠦᠢᠯᠡᠳᠬᠦᠨ ᠪᠣᠷᠣᠯᠠᠭᠤᠯᠬᠤ᠂ ᠡᠰᠡᠬᠦᠯ᠎ᠡ ᠡᠯ᠎ᠡ ᠲᠦᠷᠦᠯ ᠤᠨ | ᠪᠡᠯᠡ ᠬᠥᠷᠥᠩᠭᠡ ᠶᠢᠨ ᠬᠠᠮᠢᠶᠠᠷᠤᠯᠲᠠ᠂ ᠬᠡᠶᠢᠰᠪᠦᠷᠢ ᠵᠣᠭᠤᠰ ᠮᠥᠩᠭᠦ᠂ ᠪᠡᠯᠡ ᠲᠣᠬᠢᠷᠠᠭᠤᠯᠭ᠎ᠠ ᠶᠢᠨ | ᠲᠦᠷᠢᠶᠡᠰᠦᠯᠡᠯ ᠤᠨ ᠲᠤᠬᠠᠶᠢᠯᠠᠭᠰᠠᠨ ᠠᠵᠢᠯ ᠡᠷᠬᠢᠯᠡᠬᠦ ᠵᠡᠷᠭᠡ ᠨᠡᠷ᠎ᠡ ᠪᠠᠷ ᠪᠡᠯᠡ ᠮᠥᠩᠭᠦ ᠰᠢᠩᠭᠡᠬᠡᠨ ᠠᠪᠬᠤ︔ | ︵ᠭᠤᠷᠪᠠ︶ ᠲᠠᠸᠠᠷ ᠪᠣᠷᠣᠯᠠᠭᠤᠯᠬᠤ᠂ ᠦᠢᠯᠡᠴᠢᠯᠡᠭᠡ ᠬᠠᠩᠭᠠᠬᠤ᠂ ᠲᠥᠷᠥᠯ ᠵᠦᠢᠯ ᠳᠤ ᠪᠡᠯᠡ ᠣᠷᠣᠭᠤᠯᠣᠯᠳᠡ | ᠬᠢᠬᠦ ᠵᠡᠷᠭᠡ ᠬᠤᠳᠠᠯᠳᠤᠭᠠᠨ ᠤ ᠠᠵᠢᠯᠯᠠᠭ᠎ᠠ ᠳᠤᠮᠳᠠ᠂ ᠵᠣᠭᠤᠰ᠂ ᠰᠲ᠋ᠣᠺ ᠤᠨ ᠡᠷᠬᠡ᠂ ᠪᠣᠳᠠᠲᠤ ᠶᠠᠭᠤᠮ᠎ᠠ ᠵᠡᠷᠭᠡ ᠶᠢᠨ | ᠬᠠᠷᠠᠮᠵᠢ ᠥᠭᠭᠦᠨ᠎ᠡ ᠭᠡᠵᠦ ᠠᠮᠠᠯᠠᠬᠤ ᠬᠡᠯᠪᠡᠷᠢ ᠪᠠᠷ ᠪᠡᠯᠡ ᠮᠥᠩᠭᠦ ᠰᠢᠩᠭᠡᠬᠡᠨ ᠠᠪᠬᠤ︔ | ︵ᠳᠥᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠤᠶᠤ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠠᠴᠠ ᠵᠥᠷᠢᠴᠡᠵᠦ᠂ ᠤᠯᠠᠨ ᠨᠡᠶᠢᠲᠡ ᠶᠢᠨ ᠵᠠᠭᠤᠴᠢᠯᠠᠭᠤᠷ᠂ ᠳᠠᠷᠤᠢ ᠲᠦᠷᠭᠡᠨ ᠴᠢᠮᠡᠭᠡ | ᠨᠡᠪᠲᠡᠷᠡᠬᠦ ᠪᠠᠭᠠᠵᠢ ᠪᠤᠶᠤ ᠪᠤᠰᠤᠳ ᠠᠷᠭ᠎ᠠ ᠪᠠᠷ ᠪᠡᠯᠡ ᠮᠥᠩᠭᠦ ᠰᠢᠩᠭᠡᠬᠡᠨ ᠠᠪᠤᠭᠰᠠᠨ ᠮᠡᠳᠡᠭᠡ ᠵᠠᠩᠭᠢ ᠶᠢ ᠢᠯᠡ ᠪᠠᠷ | ᠤᠯᠠᠮᠵᠢᠯᠠᠨ ᠲᠠᠷᠬᠠᠭᠠᠬᠤ︔ | ︵ᠲᠠᠪᠤ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠤᠰᠤᠳ ᠦᠢᠯᠨ ᠠᠵᠢᠯᠯᠠᠭ᠎ᠠ᠃ | ᠬᠤᠷᠢᠨ ᠬᠤᠶᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢᠯᠡ | ᠠᠵᠢᠯᠯᠠᠭ᠎ᠠ ᠳᠤ᠂ ᠦᠶ᠋ᠯᠡ ᠠᠵᠢᠯᠯᠠᠭ᠎ᠠ ᠡᠭᠦᠰᠦᠭᠰᠡᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠶᠢ ᠵᠣᠬᠢᠶᠠᠨ | ᠪᠠᠶᠢᠭᠤᠯᠤᠨ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠬᠡᠷᠡᠭᠲᠡᠢ᠃ | ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠶ᠋ᠯᠡ | ᠠᠵᠢᠯᠯᠠᠭ᠎ᠠ ᠳᠤ᠂ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠨᠢᠭᠡᠴᠢ ᠪᠠᠶᠢᠪᠠᠯ᠂ ᠲᠡᠭᠦᠨ ᠤ | ᠳᠠᠩᠰᠠᠯᠠᠭᠤᠯᠤᠭᠰᠠᠨ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠪᠠᠶᠢᠴᠠᠭᠠᠯᠲᠠ ᠬᠢᠵᠦ | ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ︔ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠬᠤᠪᠢ | ᠬᠥᠮᠥᠨ ᠪᠠᠶᠢᠪᠠᠯ᠂ ᠲᠡᠭᠦᠨ ᠤ ᠰᠠᠭᠤᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠤᠨ ᠬᠤᠰᠢᠭᠤ ᠰᠢᠶᠠᠨ ︵ | ᠬᠤᠲᠠ᠂ ᠲᠣᠭᠤᠷᠢᠭ︶ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠠᠴᠠ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ᠃ | ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠮᠡᠨ ᠰᠡᠵᠢᠭᠯᠡᠭᠳᠡᠭᠰᠡᠨ ᠬᠦᠨᠳᠦ ᠶᠡᠭᠡ᠂ ᠬᠦᠴᠢᠷ ᠲᠦᠪᠡᠭᠲᠡᠢ᠂ | ᠨᠠᠷᠢᠨ ᠪᠤᠳᠤᠯᠢᠶᠠᠨᠲᠠᠢ ᠦᠶ᠋ᠯᠡ ᠠᠵᠢᠯᠯᠠᠭ᠎ᠠ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠪᠤᠰᠤ ᠪᠠᠷ | ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠠᠶᠢᠮᠠᠭ ᠬᠤᠲᠠ ᠶᠢᠨ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠤᠨ ᠲᠦᠷᠦᠭᠦᠯᠡᠬᠦ ᠰᠠᠯᠠᠭ᠎ᠠ ᠮᠥᠴᠢᠷ ᠲᠤ | ᠲᠡᠳᠡᠨᠦᠰ ᠢᠶᠠᠷ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠤᠭᠤᠯᠬᠤ ᠪᠠᠷ ᠮᠡᠳᠡᠭᠦᠯᠦᠨ | ᠳᠡᠪᠰᠢᠭᠦᠯᠵᠦ ᠪᠣᠯᠣᠨ᠎ᠠ᠃ ᠦᠨᠡᠨ ᠬᠦ ᠴᠢᠬᠤᠯᠠᠲᠠᠢ ᠦᠶ᠎ᠡ ᠳᠤ᠂ ᠠᠶᠢᠮᠠᠭ ᠬᠤᠲᠠ ᠶᠢᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠤᠨ ᠲᠦᠷᠦᠭᠦᠯᠡᠬᠦ ᠰᠠᠯᠠᠭ᠎ᠠ ᠮᠥᠴᠢᠷ ᠲᠤ | ᠲᠡᠳᠡᠨᠦᠰ ᠢᠶᠠᠷ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠤᠭᠤᠯᠬᠤ ᠪᠠᠷ ᠮᠡᠳᠡᠭᠦᠯᠦᠨ | ᠳᠡᠪᠰᠢᠭᠦᠯᠵᠦ ᠪᠣᠯᠣᠨ᠎ᠠ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠬᠠᠮᠢᠶ᠎ᠠ ᠪᠦᠬᠦᠢ ᠰᠠᠯᠠᠭ᠎ᠠ | ᠮᠥᠴᠢᠷ ᠨᠢ ᠪᠠᠶᠢᠴᠠᠭᠠᠯᠲᠠ ᠬᠢᠵᠦ ᠮᠠᠭᠠᠳᠯᠠᠨ ᠲᠣᠭᠲᠠᠭᠠᠬᠤ ᠶᠢ ᠵᠣᠬᠢᠶᠠᠨ ᠪᠠᠶᠢᠭᠤᠯᠬᠤ ᠡᠭᠦᠷᠭᠡ ᠬᠠᠷᠢᠭᠤᠴᠠᠯᠭ᠎ᠠ ᠶᠢᠨ | ᠲᠠᠯ᠎ᠠ ᠪᠠᠷ ᠮᠠᠷᠭᠤᠭᠠᠨ ᠲᠠᠢ ᠪᠠᠶᠢᠪᠠᠯ᠂ ᠲᠡᠳᠡᠨ ᠤ ᠬᠠᠮᠲᠤ ᠶᠢᠨ ᠳᠡᠭᠡᠳᠦ ᠱᠠᠲᠤᠨ ᠤ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠶ᠋ᠯᠡ ᠠᠵᠢᠯᠯᠠᠭ᠎ᠠ ᠡᠭᠦᠰᠦᠭᠰᠡᠨ ᠭᠠᠵᠠᠷ᠂ | ᠴᠤᠭᠯᠠᠭᠤᠯᠤᠭᠰᠠᠨ ᠪᠡᠯᠡ ᠬᠥᠷᠥᠩᠭᠡ ᠶᠢᠨ ᠪᠠᠶᠢᠭ᠎ᠠ ᠭᠠᠵᠠᠷ ᠵᠢᠴᠢ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ | ᠬᠠᠮᠵᠢᠭᠴᠢ᠂ ᠪᠡᠯᠡ ᠴᠤᠭᠯᠠᠭᠤᠯᠬᠤ ᠳᠤ ᠣᠷᠣᠯᠴᠠᠭᠴᠢ ᠶᠢᠨ ᠪᠠᠶᠢᠭ᠎ᠠ ᠭᠠᠵᠠᠷ ᠤᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠪᠠᠶᠢᠴᠠᠭᠠᠯᠲᠠ ᠬᠢᠵᠦ ᠮᠠᠭᠠᠳᠯᠠᠨ | ᠲᠣᠭᠲᠠᠭᠠᠬᠤ ᠠᠵᠢᠯ ᠳᠤ ᠬᠠᠮᠵᠢᠯᠴᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠥᠢᠯᠡ | ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠢ ᠳᠤ ᠨᠢ ᠬᠢᠨᠠᠨ ᠪᠠᠶᠢᠴᠠᠭᠠᠵᠤ᠂ ᠭᠥᠯᠢᠶᠡᠨ ᠠᠪᠴᠤ ᠰᠢᠢᠳᠪᠦᠷᠢᠯᠡᠬᠦ | ᠡᠰᠡᠬᠦ ᠪᠠᠨ ᠲᠣᠭᠲᠠᠭᠠᠬᠤ ᠬᠡᠷᠡᠭᠲᠡᠢ᠃ ᠬᠢᠨᠠᠨ ᠪᠠᠶᠢᠴᠠᠭᠠᠳ ᠬᠠᠮᠢᠶ᠎ᠠ ᠪᠦᠬᠦᠢ ᠦᠢᠯᠡ ᠠᠵᠢᠯᠯᠠᠭ᠎ᠠ ᠨᠢ ᠬᠠᠤᠯᠢ | ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠪᠠᠶᠢᠵᠤ᠂ ᠲᠤᠰ ᠰᠠᠯᠠᠭ᠎ᠠ ᠮᠥᠴᠢᠷ ᠤᠨ ᠬᠠᠷᠢᠶᠠᠯᠠᠯ ᠳᠤ | ᠪᠠᠭᠲᠠᠬᠤ ᠪᠠᠷ ᠦᠵᠡᠵᠦ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠪᠠᠶᠢᠴᠠᠭᠠᠯᠲᠠ ᠬᠢᠬᠦ ᠶᠢ | ᠵᠣᠬᠢᠶᠠᠨ ᠪᠠᠶᠢᠭᠤᠯᠬᠤ ᠬᠡᠷᠡᠭᠲᠡᠢ᠃ ᠲᠤᠰ ᠰᠠᠯᠠᠭ᠎ᠠ ᠮᠥᠴᠢᠷ ᠤᠨ ᠬᠠᠷᠢᠶᠠᠯᠠᠯ ᠳᠤ ᠪᠠᠭᠲᠠᠬᠤ ᠦᠭᠡᠢ ᠪᠣᠯ᠂ | ᠬᠠᠷᠢᠶᠠᠯᠠᠬᠤ ᠡᠷᠬᠡ ᠲᠠᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠰᠢᠯᠵᠢᠭᠦᠯᠦᠨ ᠬᠦᠷᠭᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠥᠢᠯᠡ | ᠠᠵᠢᠯᠯᠠᠭ᠎ᠠ ᠶᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠠᠴᠠ ᠭᠥᠯᠢᠶᠡᠨ ᠠᠪᠬᠤ ᠪᠠᠷ ᠲᠣᠭᠲᠠᠭᠰᠠᠨ ᠪᠣᠯ᠂ ᠴᠠᠭ ᠲᠤᠬᠠᠢ ᠳᠤ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠨᠢᠭᠡᠴᠢ ᠶᠢ ᠵᠣᠬᠢᠶᠠᠨ ᠪᠠᠶᠢᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠡᠷᠡᠭ ᠢ ᠬᠠᠤᠯᠢ | ᠶᠣᠰᠣᠭᠠᠷ ᠪᠠᠶᠢᠴᠠᠭᠠᠬᠤ ᠬᠡᠷᠡᠭᠲᠡᠢ᠃ | ᠪᠠᠶᠢᠴᠠᠭᠠᠬᠤ ᠠᠵᠢᠯᠲᠠᠨ ᠨᠢ 2 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ᠂ ᠪᠠᠶᠢᠴᠠᠭᠠᠬᠤ ᠳᠤ ᠪᠠᠨ | ᠪᠠᠶᠢᠴᠠᠭᠠᠭᠳᠠᠬᠤ ᠡᠲᠡᠭᠡᠳ ᠲᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠵᠤ | ᠦᠵᠡᠭᠦᠯᠬᠦ ᠬᠡᠷᠡᠭᠲᠡᠢ᠃ | ᠪᠠᠶᠢᠴᠠᠭᠠᠭᠳᠠᠭᠰᠠᠨ ᠬᠡᠷᠡᠭ ᠲᠤ ᠬᠤᠯᠪᠣᠭᠳᠠᠭᠰᠠᠨ ᠨᠢᠭᠡᠴᠢ ᠪᠠ ᠬᠤᠪᠢ ᠬᠥᠮᠥᠨ ᠨᠢ ᠪᠠᠶᠢᠴᠠᠭᠠᠯᠲᠠ ᠳᠤ | ᠬᠠᠮᠵᠢᠯᠴᠠᠬᠤ ᠬᠡᠷᠡᠭᠲᠡᠢ᠂ ᠲᠡᠪᠴᠢᠬᠦ᠂ ᠬᠠᠷᠰᠢᠯᠠᠬᠤ ᠪᠠ ᠨᠢᠭᠤᠨ ᠳᠠᠯᠳᠠᠯᠠᠵᠤ ᠪᠣᠯᠬᠤ ᠦᠭᠡᠢ᠃ | ᠬᠤᠷᠢᠨ ᠲᠠᠪᠤᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠥᠢᠯᠡ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠠᠶᠢᠴᠠᠭᠠᠬᠤ ᠳᠤ ᠪᠠᠨ᠂ ᠳᠣᠣᠷᠠᠬᠢ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠄ | ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠲᠠᠯᠠᠪᠤᠷ ᠭᠠᠵᠠᠷ ᠲᠤ ᠣᠷᠣᠵᠤ᠂ | ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠨᠢᠭᠡᠴᠢ ᠪᠤᠶᠤ ᠬᠤᠪᠢ ᠬᠥᠮᠥᠨ ᠤ ᠦᠨᠳᠦᠰᠦᠨ ᠪᠠᠶᠢᠳᠠᠯ | ᠂ ᠪᠡᠯᠡ ᠴᠤᠭᠯᠠᠭᠤᠯᠤᠭᠰᠠᠨ ᠠᠷᠭ᠎ᠠ ᠬᠡᠯᠪᠡᠷᠢ᠂ ᠴᠤᠭᠯᠠᠭᠤᠯᠤᠭᠰᠠᠨ ᠵᠣᠭᠤᠰ ᠤᠨ ᠲᠤᠭ᠎ᠠ ᠬᠡᠮᠵᠢᠶ᠎ᠡ᠂ ᠣᠷᠣᠯᠴᠠᠭᠰᠠᠨ | ᠬᠥᠮᠥᠨ ᠤ ᠲᠤᠭ᠎ᠠ᠂ ᠪᠡᠯᠡ ᠮᠥᠩᠭᠦᠨ ᠤ ᠠᠵᠢᠯᠯᠠᠭ᠎ᠠ᠂ ᠵᠣᠭᠤᠰ ᠰᠣᠯᠢᠵᠤ ᠲᠥᠯᠥᠭᠰᠡᠨ ᠪᠠᠶᠢᠳᠠᠯ᠂ ᠬᠤᠪᠢ | ᠣᠷᠣᠭᠤᠯᠤᠭᠴᠢ ᠪᠤᠶᠤ ᠪᠣᠳᠠᠲᠠᠢ ᠡᠵᠡᠮᠳᠡᠭᠴᠢ ᠶᠢᠨ ᠭᠤᠣᠯ ᠪᠠᠶᠢᠳᠠᠯ ᠵᠡᠷᠭᠡ ᠳᠤ ᠪᠠᠶᠢᠴᠠᠭᠠᠯᠲᠠ ᠬᠢᠵᠦ ᠭᠡᠷᠡᠴᠢ | ᠴᠤᠭᠯᠠᠭᠤᠯᠬᠤ︔ | ︵ᠬᠤᠶᠠᠷ︶ ᠪᠠᠶᠢᠴᠠᠭᠠᠭᠳᠠᠭᠰᠠᠨ ᠬᠡᠷᠡᠭ ᠲᠤ ᠬᠤᠯᠪᠣᠭᠳᠠᠭᠰᠠᠨ ᠨᠢᠭᠡᠴᠢ ᠪᠠ ᠬᠤᠪᠢ ᠬᠥᠮᠥᠨ ᠠᠴᠠ ᠯᠠᠪᠯᠠᠨ | ᠠᠰᠠᠭᠤᠵᠤ᠂ ᠲᠡᠭᠦᠨ ᠢ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠲᠣᠳᠣᠷᠬᠠᠶᠢᠯᠠᠯᠲᠠ ᠬᠢᠯᠭᠡᠬᠦ ᠪᠠᠷ | ᠱᠠᠭᠠᠷᠳᠠᠬᠤ︔ | ︵ᠭᠤᠷᠪᠠ︶ ᠪᠠᠶᠢᠴᠠᠭᠠᠭᠳᠠᠭᠰᠠᠨ ᠬᠡᠷᠡᠭ ᠲᠤ ᠬᠤᠯᠪᠣᠭᠳᠠᠭᠰᠠᠨ ᠪᠢᠴᠢᠭ ᠬᠠᠷ᠎ᠠ᠂ ᠮᠠᠲ᠋ᠧᠷᠢᠶᠠᠯ᠂ ᠡᠯᠧᠺᠳ᠋ᠷᠣᠨ | ᠲᠤᠭ᠎ᠠ ᠪᠠᠷᠢᠮᠲᠠ ᠵᠡᠷᠭᠡ ᠶᠢ ᠪᠠᠶᠢᠴᠠᠭᠠᠨ ᠦᠵᠡᠬᠦ ᠪᠠ ᠬᠠᠭᠤᠯᠪᠤᠷᠢᠯᠠᠵᠤ᠂ ᠰᠢᠯᠵᠢᠭᠦᠯᠬᠦ᠂ ᠨᠢᠭᠤᠨ ᠳᠠᠯᠳᠠᠯᠠᠬᠤ ᠪᠤᠶᠤ | ᠰᠦᠢᠳᠬᠡᠵᠦ ᠮᠡᠳᠡᠬᠦ ᠪᠢᠴᠢᠭ ᠬᠠᠷ᠎ᠠ᠂ ᠮᠠᠲ᠋ᠧᠷᠢᠶᠠᠯ᠂ ᠡᠯᠧᠺᠳ᠋ᠷᠣᠨ ᠲᠥᠬᠦᠭᠡᠷᠦᠮᠵᠢ ᠵᠡᠷᠭᠡ ᠶᠢ ᠪᠢᠲᠡᠭᠦᠮᠵᠢᠯᠡᠨ | ᠬᠠᠳᠠᠭᠠᠯᠠᠬᠤ︔ | ︵ᠳᠥᠷᠪᠡ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ | ᠰᠡᠵᠢᠭᠯᠡᠯᠲᠡᠢ ᠬᠤᠯᠪᠣᠭᠳᠠᠯ ᠪᠦᠬᠦᠢ ᠲᠠᠩᠰᠠᠨ ᠡᠷᠦᠬᠡ ᠶᠢ ᠬᠠᠤᠯᠢ ᠶᠣᠰᠣᠭᠠᠷ ᠪᠠᠶᠢᠴᠠᠭᠠᠨ ᠯᠠᠪᠯᠠᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠪᠠᠩᠬᠢ ᠶᠢᠨ ᠪᠤᠰᠤ ᠲᠥᠯᠥᠪᠦᠷᠢ ᠶᠢᠨ ᠪᠠᠶᠢᠭᠤᠯᠤᠮᠵᠢ ᠨᠢ ᠬᠠᠮᠵᠢᠯᠴᠠᠬᠤ ᠬᠡᠷᠡᠭᠲᠡᠢ | ᠪᠥᠭᠡᠳ ᠪᠠᠶᠢᠴᠠᠭᠠᠨ ᠯᠠᠪᠯᠠᠭᠰᠠᠨ ᠠᠭᠤᠯᠭ᠎ᠠ ᠪᠠ ᠬᠠᠮᠢᠶ᠎ᠠ ᠪᠦᠬᠦᠢ ᠪᠠᠶᠢᠳᠠᠯ ᠤᠨ ᠨᠢᠭᠤᠴᠠ ᠶᠢ ᠬᠠᠮᠠᠭᠠᠯᠠᠵᠤ᠂ | ᠪᠠᠶᠢᠴᠠᠭᠠᠨ ᠯᠠᠪᠯᠠᠭᠳᠠᠭᠰᠠᠨ ᠨᠢᠭᠡᠴᠢ ᠪᠠ ᠬᠤᠪᠢ ᠬᠥᠮᠥᠨ ᠳᠤ ᠮᠡᠳᠡᠭᠳᠡᠵᠦ ᠪᠣᠯᠬᠤ ᠦᠭᠡᠢ᠃ ᠬᠤᠷᠢᠨ ᠵᠢᠷᠭᠤᠳᠤᠭᠠᠷ | ᠵᠦᠢᠯ ᠪᠠᠶᠢᠴᠠᠭᠠᠵᠤ ᠭᠡᠷᠡᠴᠢ ᠴᠤᠭᠯᠠᠭᠤᠯᠬᠤ ᠬᠤᠭᠤᠴᠠᠭᠠᠨ ᠳᠤ᠂ ᠬᠡᠷᠡᠭ ᠲᠤ ᠬᠤᠯᠪᠣᠭᠳᠠᠭᠰᠠᠨ ᠪᠡᠯᠡ ᠮᠥᠩᠭᠦ ᠶᠢ | ᠳᠠᠯᠳᠠᠭᠤᠷ ᠰᠢᠯᠵᠢᠭᠦᠯᠬᠦ᠂ ᠰᠢᠯᠵᠢᠭᠦᠯᠬᠦ᠂ ᠨᠢᠭᠤᠨ ᠳᠠᠯᠳᠠᠯᠠᠬᠤ ᠵᠢᠴᠢ ᠭᠤᠣᠯ ᠰᠡᠵᠢᠭᠯᠡᠯᠲᠡᠢ ᠬᠥᠮᠥᠨ ᠤ ᠣᠷᠭᠤᠨ | ᠳᠤᠲᠠᠭᠠᠬᠤ ᠠᠴᠠ ᠰᠡᠷᠭᠡᠶᠢᠯᠡᠬᠦ ᠶᠢᠨ ᠲᠤᠰᠠᠳᠠ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ | ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠤ ᠬᠠᠤᠯᠢ | ᠶᠣᠰᠣᠭᠠᠷ ᠴᠢᠬᠤᠯᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠪᠠᠷ ᠮᠡᠳᠡᠭᠳᠡᠵᠦ ᠪᠣᠯᠣᠨ᠎ᠠ᠃ ᠬᠠᠤᠯᠢ | ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢᠯᠨ ᠠᠵᠢᠯᠯᠠᠭ᠎ᠠ ᠲᠠᠢ ᠬᠠᠮᠢᠶ᠎ᠠ ᠪᠦᠬᠦᠢ ᠨᠢᠭᠡᠴᠢ ᠪᠠ ᠬᠤᠪᠢ | ᠬᠥᠮᠥᠨ ᠳᠤ ᠪᠡᠯᠡ ᠴᠤᠭᠯᠠᠭᠤᠯᠬᠤ ᠠᠵᠢᠯᠯᠠᠭ᠎ᠠ ᠪᠠᠨ ᠲᠦᠷ ᠵᠣᠭᠰᠤᠭᠠᠬᠤ ᠪᠠᠷ ᠱᠠᠭᠠᠷᠳᠠᠬᠤ ᠡᠷᠬᠡ ᠲᠠᠢ᠂ ᠬᠠᠤᠯᠢ | ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠬᠤᠯᠪᠣᠭᠳᠠᠯ ᠪᠦᠬᠦᠢ ᠨᠢᠭᠡᠴᠢ ᠳᠤ ᠪᠠᠶᠢᠭᠤᠯᠬᠤ᠂ ᠬᠤᠪᠢᠷᠠᠭᠤᠯᠬᠤ | ᠪᠤᠶᠤ ᠳᠠᠩᠰᠠᠯᠠᠯ ᠢ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠬᠢᠬᠦ ᠶᠢ ᠲᠦᠷ ᠵᠣᠭᠰᠤᠭᠠᠬᠤ ᠪᠠᠷ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠨᠢᠭᠡᠴᠢ ᠳᠤ ᠮᠡᠳᠡᠭᠳᠡᠨ᠎ᠡ᠃ | ᠬᠤᠷᠢᠨ ᠳᠣᠯᠣᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠭᠰᠠᠨ ᠪᠠᠶᠢᠳᠠᠯ ᠪᠠ ᠰᠢᠢᠳᠪᠦᠷᠢᠯᠡᠭᠰᠡᠨ | ᠰᠠᠨᠠᠯ ᠢ ᠦᠨᠳᠦᠰᠦᠯᠡᠨ᠂ ᠬᠤᠯᠪᠣᠭᠳᠠᠯ ᠪᠦᠬᠦᠢ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠠᠶᠢᠭ᠎ᠠ ᠭᠠᠵᠠᠷ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ | ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ | ᠵᠡᠷᠭᠡ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠤᠨ ᠰᠤᠳᠤᠯᠤᠨ ᠮᠠᠭᠠᠳᠯᠠᠵᠤ᠂ ᠳᠣᠣᠷᠠᠬᠢ ᠮᠡᠲᠦ ᠮᠠᠭᠠᠳᠯᠠᠨ | ᠲᠣᠭᠲᠠᠭᠠᠬᠤ ᠰᠠᠨᠠᠯ ᠭᠠᠷᠭᠠᠬᠤ ᠬᠡᠷᠡᠭᠲᠡᠢ᠄ | ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠳᠤ ᠲᠣᠭᠠᠴᠠᠭᠳᠠᠬᠤ ᠪᠠᠷ ᠮᠠᠭᠠᠳᠯᠠᠨ ᠲᠣᠭᠲᠠᠭᠠᠭᠰᠠᠨ | ᠪᠣᠯ᠂ ᠬᠠᠤᠯᠢ ᠪᠤᠰᠤ ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠭᠴᠢ ᠶᠢ | ᠵᠠᠷᠯᠢᠭᠳᠠᠵᠤ ᠪᠠᠶᠢᠭᠠᠳ ᠬᠤᠯᠪᠣᠭᠳᠠᠯ ᠪᠦᠬᠦᠢ ᠬᠠᠤᠯᠢ ᠪᠤᠰᠤ ᠦᠢᠯᠨ ᠠᠵᠢᠯᠯᠠᠭ᠎ᠠ ᠶᠢ ᠨᠢ ᠲᠡᠷᠡ ᠳᠠᠷᠤᠢ ᠳᠤ ᠨᠢ | ᠵᠣᠭᠰᠤᠭᠠᠬᠤ ᠶᠢᠨ ᠬᠠᠮᠲᠤ᠂ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ︔ ᠶᠠᠯ᠎ᠠ ᠬᠢᠭᠰᠡᠨ ᠰᠡᠵᠢᠭᠯᠡᠯᠲᠡᠢ | ᠪᠠᠶᠢᠬᠤ ᠶᠢ ᠣᠯᠵᠤ ᠮᠡᠳᠡᠪᠡᠯ᠂ ᠲᠣᠭᠲᠠᠭᠠᠯ ᠶᠣᠰᠣᠭᠠᠷ ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ | ᠲᠤᠬᠠᠢ ᠳᠤ ᠨᠢ ᠰᠢᠯᠵᠢᠭᠦᠯᠦᠨ ᠬᠦᠷᠭᠡᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ | ᠬᠡᠷᠡᠭᠲᠡᠢ︔ | ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠳᠤ ᠲᠣᠭᠠᠴᠠᠭᠳᠠᠬᠤ ᠦᠭᠡᠢ ᠪᠠᠷ ᠮᠠᠭᠠᠳᠯᠠᠨ | ᠲᠣᠭᠲᠠᠭᠠᠭᠰᠠᠨ ᠪᠣᠯ᠂ ᠪᠠᠶᠢᠴᠠᠭᠠᠬᠤ ᠪᠠᠨ ᠵᠣᠭᠰᠣᠭᠠᠨ᠎ᠠ᠃ | ᠬᠤᠷᠢᠨ ᠨᠠᠢᠮᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠬᠡᠷᠡᠭᠴᠡᠭᠡ ᠪᠠᠨ | ᠦᠨᠳᠦᠰᠦᠯᠡᠨ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠨᠢ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠄ | ︵ᠨᠢᠭᠡ︶ ᠬᠤᠯᠪᠣᠭᠳᠠᠯ ᠪᠦᠬᠦᠢ ᠡᠵᠡᠩᠨᠡᠯᠲᠡ ᠶᠢᠨ ᠲᠠᠯᠠᠪᠤᠷ ᠭᠠᠵᠠᠷ ᠢ ᠪᠠᠶᠢᠴᠠᠭᠠᠨ ᠪᠢᠲᠡᠭᠦᠮᠵᠢᠯᠡᠵᠦ᠂ | ᠬᠤᠯᠪᠣᠭᠳᠠᠯ ᠪᠦᠬᠦᠢ ᠪᠡᠯᠡ ᠬᠥᠷᠥᠩᠭᠡ ᠶᠢ ᠪᠠᠶᠢᠴᠠᠭᠠᠨ ᠪᠢᠲᠡᠭᠦᠮᠵᠢᠯᠡᠵᠦ᠂ ᠪᠡᠷᠢᠴᠠᠭᠠᠨ ᠳᠤ ᠦᠯᠡᠳᠡᠭᠡᠬᠦ︔ | ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ | ᠬᠠᠮᠵᠢᠭᠴᠢ ᠶᠢ ᠵᠠᠷᠯᠢᠭᠳᠠᠵᠤ ᠪᠠᠶᠢᠭᠠᠳ ᠬᠤᠯᠪᠣᠭᠳᠠᠯ ᠪᠦᠬᠦᠢ ᠪᠡᠯᠡ ᠬᠥᠷᠥᠩᠭᠡ ᠪᠠᠨ ᠨᠡᠬᠡᠮᠵᠢᠯᠡᠨ ᠠᠪᠴᠢᠷᠠᠵᠤ᠂ | ᠦᠨ᠎ᠡ ᠶᠢ ᠨᠢ ᠬᠤᠪᠢᠷᠠᠭᠠᠨ ᠬᠤᠳᠠᠯᠳᠤᠭᠠᠯᠠᠵᠤ ᠪᠠᠶᠢᠭᠠᠳ ᠴᠤᠭᠯᠠᠭᠤᠯᠤᠭᠰᠠᠨ ᠪᠡᠯᠡ ᠮᠥᠩᠭᠦ ᠶᠢ ᠢᠯᠭᠠᠷᠠᠭᠤᠯᠤᠨ | ᠪᠤᠴᠠᠭᠠᠯᠭᠠᠬᠤ︔ | ︵ᠭᠤᠷᠪᠠ︶ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠶᠢᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠢᠶᠠᠷ ᠲᠣᠭᠲᠠᠭᠠᠯᠭᠠᠵᠤ᠂ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠢᠯᠢ ᠪᠠᠷ ᠭᠠᠷᠴᠤ ᠣᠷᠣᠬᠤ ᠳᠠᠬᠢ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠪᠠᠶᠢᠭᠤᠯᠭ᠎ᠠ ᠳᠤ ᠮᠡᠳᠡᠭᠳᠡᠵᠦ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠤᠪᠢ ᠬᠥᠮᠥᠨ ᠪᠤᠶᠤ ᠬᠠᠤᠯᠢ | ᠪᠤᠰᠤ ᠪᠠᠷ ᠪᠡᠯᠡ ᠴᠤᠭᠯᠠᠭᠤᠯᠤᠭᠰᠠᠨ ᠨᠢᠭᠡᠴᠢ ᠶᠢᠨ ᠬᠤᠪᠢ ᠡᠵᠡᠮᠳᠡᠭᠰᠡᠨ ᠬᠤᠪᠢ ᠣᠷᠣᠭᠤᠯᠤᠭᠴᠢ᠂ ᠪᠣᠳᠠᠲᠠᠢ | ᠡᠵᠡᠮᠳᠡᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠭᠴᠢ ᠵᠢᠴᠢ ᠪᠤᠰᠤᠳ ᠰᠢᠭᠤᠳ | ᠬᠠᠷᠢᠭᠤᠴᠠᠯᠭ᠎ᠠ ᠲᠠᠢ ᠬᠥᠮᠥᠨ ᠤ ᠬᠢᠯᠢ ᠠᠴᠠ ᠭᠠᠷᠬᠤ ᠶᠢ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ ᠤᠨ ᠠᠷᠭ᠎ᠠ ᠬᠡᠮᠵᠢᠶ᠎ᠡ ᠶᠢ ᠠᠪᠬᠤ ᠳᠤ᠂ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠬᠦ ᠬᠡᠷᠡᠭᠲᠡᠢ᠃ | ᠬᠤᠷᠢ ᠶᠢᠰᠦᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ᠬᠡᠷᠡᠭ ᠢ ᠰᠢᠢᠳᠪᠦᠷᠢᠯᠡᠭᠰᠡᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠵᠦ᠂ | ᠬᠠᠮᠵᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡᠨ ᠳᠤ ᠨᠢ | ᠨᠡᠶᠢᠴᠡᠪᠡᠯ᠂ ᠬᠤᠯᠪᠤᠭᠠᠯᠠᠨ ᠬᠠᠤᠯᠢ ᠬᠡᠷᠡᠭᠵᠢᠭᠦᠯᠬᠦ ᠠᠵᠢᠯ ᠢ ᠡᠬᠢᠯᠡᠭᠦᠯᠬᠦ ᠬᠡᠷᠡᠭᠲᠡᠢ᠄ | ︵ᠨᠢᠭᠡ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠨᠢ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠰᠡᠵᠢᠭᠯᠡᠯᠲᠡᠢ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠳᠤ᠂ ᠪᠦᠯᠦᠭᠵᠢᠯ ᠤᠨ ᠴᠢᠨᠠᠷᠲᠠᠢ ᠬᠡᠷᠡᠭ ᠡᠭᠦᠰᠬᠦ ᠪᠤᠶᠤ ᠬᠦᠴᠦᠷᠬᠡᠭᠯᠡᠯ ᠢᠶᠠᠷ ᠬᠠᠷᠰᠢᠯᠠᠵᠤ ᠮᠡᠳᠡᠬᠦ︔ | ︵ᠬᠤᠶᠠᠷ︶ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠨᠢ ᠬᠠᠤᠯᠢ ᠬᠡᠷᠡᠭᠵᠢᠭᠦᠯᠦᠨ ᠪᠠᠶᠢᠴᠠᠭᠠᠬᠤ ᠦᠶ᠎ᠡ ᠳᠤ ᠪᠠᠶᠢᠴᠠᠭᠠᠬᠤ ᠶᠢ ᠬᠠᠷ᠎ᠠ ᠰᠠᠨᠠᠭ᠎ᠠ ᠪᠠᠷ ᠬᠠᠷᠰᠢᠯᠠᠬᠤ᠂ | ᠠᠶᠤᠯᠭᠠᠨ ᠰᠦᠷᠳᠡᠭᠦᠯᠬᠦ ᠪᠤᠶᠤ ᠬᠦᠴᠦᠷᠬᠡᠭᠯᠡᠯ ᠢᠶᠠᠷ ᠬᠠᠤᠯᠢ ᠶᠢ ᠡᠰᠡᠷᠭᠦᠴᠡᠬᠦ ᠵᠡᠷᠭᠡ ᠪᠠᠶᠢᠳᠠᠯ ᠲᠤᠯᠭᠠᠷᠠᠬᠤ︔ | ︵ᠭᠤᠷᠪᠠ︶ ᠶᠠᠭ ᠪᠠᠶᠢᠴᠠᠭᠠᠨ ᠰᠢᠢᠳᠪᠦᠷᠢᠯᠡᠵᠦ ᠪᠠᠶᠢᠭ᠎ᠠ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ | ᠰᠡᠵᠢᠭᠯᠡᠯᠲᠡᠢ ᠵᠠᠰᠠᠭ ᠵᠠᠬᠢᠷᠭᠠᠨ ᠤ ᠬᠡᠷᠡᠭ ᠨᠢ ᠡᠷᠡᠭᠦᠦ ᠶᠢᠨ ᠶᠠᠯᠠᠲᠤ ᠬᠡᠷᠡᠭ ᠲᠤ ᠬᠤᠯᠪᠣᠭᠳᠠᠵᠤ ᠮᠡᠳᠡᠬᠦ︔ | ︵ᠳᠥᠷᠪᠡ︶ ᠬᠠᠤᠯᠢ ᠪᠤᠰᠤ ᠪᠠᠷ ᠪᠡᠯᠡ ᠴᠤᠭᠯᠠᠭᠤᠯᠬᠤ ᠦᠢᠯᠨ ᠠᠵᠢᠯᠯᠠᠭ᠎ᠠ ᠠᠮᠠᠷᠬᠠᠨ ᠡᠭᠦᠰᠬᠦ᠂ ᠣᠯᠠᠨ | ᠡᠭᠦᠰᠬᠦ ᠬᠦᠷᠢᠶᠡᠨ ᠳᠤ ᠬᠤᠯᠪᠤᠭᠠᠯᠠᠨ ᠴᠡᠭᠴᠡᠯᠡᠨ ᠵᠠᠰᠠᠯᠲᠠ ᠥᠷᠨᠢᠭᠦᠯᠬᠦ︔ | ︵ᠲᠠᠪᠤ︶ ᠬᠤᠯᠪᠤᠭᠠᠯᠠᠨ ᠬᠠᠤᠯᠢ ᠬᠡᠷᠡᠭᠵᠢᠭᠦᠯᠬᠦ ᠴᠢᠬᠤᠯᠠᠲᠠᠢ ᠪᠤᠰᠤᠳ ᠪᠠᠶᠢᠳᠠᠯ ᠣᠷᠣᠰᠢᠵᠤ ᠪᠠᠶᠢᠬᠤ᠃ | ᠬᠤᠯᠪᠤᠭᠠᠯᠠᠨ ᠬᠠᠤᠯᠢ ᠬᠡᠷᠡᠭᠵᠢᠭᠦᠯᠬᠦ ᠶᠠᠪᠤᠴᠠ ᠳᠤ ᠪᠤᠢ ᠪᠣᠯᠤᠭᠰᠠᠨ ᠵᠠᠰᠠᠭ ᠵᠠᠬᠢᠷᠭᠠᠨ ᠤ ᠲᠣᠭᠲᠠᠭᠠᠯ ᠢ ᠪᠣᠯ | ᠬᠤᠯᠪᠤᠭᠠᠯᠠᠨ ᠬᠠᠤᠯᠢ ᠬᠡᠷᠡᠭᠵᠢᠭᠦᠯᠬᠦ ᠳᠤ ᠣᠷᠣᠯᠴᠠᠭᠰᠠᠨ ᠰᠠᠯᠠᠭ᠎ᠠ ᠮᠥᠴᠢᠷ᠂ ᠨᠢᠭᠡᠴᠢ ᠨᠢ ᠥᠪᠡᠷ ᠥᠪᠡᠷ ᠤᠨ ᠢᠶᠠᠨ | ᠡᠷᠬᠡ ᠲᠤᠰᠢᠶᠠᠯ ᠤᠨ ᠬᠡᠪᠴᠢᠶᠡᠨ ᠳᠤ ᠪᠠᠨ ᠬᠠᠤᠯᠢ ᠶᠣᠰᠣᠭᠠᠷ ᠭᠠᠷᠭᠠᠨ᠎ᠠ᠃ | ᠭᠤᠴᠢᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠨᠢ ᠬᠡᠷᠡᠭ ᠤᠨ ᠬᠡᠷᠡᠭᠴᠡᠭᠡ ᠪᠠᠨ ᠦᠨᠳᠦᠰᠦᠯᠡᠨ᠂ ᠬᠠᠤᠯᠢ ᠳᠤ ᠲᠣᠭᠲᠠᠭᠰᠠᠨ ᠬᠢᠷᠢ ᠴᠢᠳᠠᠮᠵᠢ ᠲᠠᠢ | ᠲᠤᠰᠬᠠᠢ ᠮᠡᠷᠭᠡᠵᠢᠯ ᠤᠨ ᠪᠠᠶᠢᠭᠤᠯᠤᠮᠵᠢ ᠪᠤᠶᠤ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠳᠤ ᠨᠠᠶᠢᠳᠠᠵᠤ ᠬᠠᠤᠯᠢ | ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠲᠠᠬᠢ ᠲᠤᠰᠬᠠᠢ ᠵᠦᠢᠯᠡᠰ ᠲᠤ ᠪᠠᠶᠢᠴᠠᠭᠠᠨ ᠰᠢᠨᠵᠢᠬᠦ᠂ ᠬᠢᠨᠠᠨ | ᠲᠣᠭᠲᠠᠭᠠᠯᠲᠠ ᠬᠢᠬᠦ᠂ ᠦᠨᠡᠯᠡᠨ ᠵᠢᠱᠢᠬᠦ᠂ ᠬᠢᠨᠠᠨ ᠪᠣᠳᠣᠯᠲᠠ ᠬᠢᠵᠦ ᠪᠣᠯᠣᠨ᠎ᠠ᠃ | ᠭᠤᠴᠢᠨ ᠨᠢᠭᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠯᠤᠭ᠎ᠠ ᠬᠠᠤᠯᠢ ᠪᠤᠰᠤ ᠪᠠᠷ ᠪᠡᠯᠡ | ᠴᠤᠭᠯᠠᠭᠤᠯᠤᠭᠰᠠᠨ ᠢᠶᠠᠷ ᠰᠡᠵᠢᠭᠯᠡᠭᠳᠡᠭᠰᠡᠨ ᠶᠠᠯᠠᠲᠤ ᠬᠡᠷᠡᠭ ᠢ ᠰᠢᠯᠵᠢᠭᠦᠯᠦᠨ ᠬᠦᠷᠭᠡᠬᠦ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠬᠡᠷᠡᠭ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠬᠤ᠂ ᠵᠣᠯᠭᠠᠭᠤᠯᠬᠤ ᠲᠡᠰ ᠳᠠᠷᠠᠭᠠᠯᠠᠯ ᠢ | ᠵᠢᠷᠤᠮᠵᠢᠭᠤᠯᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠳᠤ ᠬᠠᠮᠵᠢᠭᠴᠢ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ | ᠲᠦᠷᠦᠭᠦᠯᠡᠬᠦ ᠰᠠᠯᠠᠭ᠎ᠠ ᠮᠥᠴᠢᠷ ᠤᠨ ᠬᠢᠨᠠᠯᠲᠠ ᠳᠣᠣᠷ᠎ᠠ ᠪᠡᠯᠡ ᠴᠤᠭᠯᠠᠭᠤᠯᠬᠤ ᠳᠤ ᠣᠷᠣᠯᠴᠠᠭᠴᠢ ᠳᠤ ᠪᠡᠯᠡ | ᠮᠥᠩᠭᠦ ᠶᠢ ᠨᠢ ᠢᠯᠭᠠᠷᠠᠭᠤᠯᠤᠨ ᠪᠤᠴᠠᠭᠠᠬᠤ ᠬᠡᠷᠡᠭᠲᠡᠢ᠃ | ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠢᠯᠭᠠᠷᠠᠭᠤᠯᠤᠨ ᠪᠤᠴᠠᠭᠠᠵᠤ ᠪᠣᠯᠬᠤᠶᠢᠴᠠ ᠪᠡᠯᠡ ᠮᠥᠩᠭᠦ ᠶᠢ | ᠡᠮᠬᠢᠯᠡᠵᠦ ᠴᠤᠭᠯᠠᠭᠤᠯᠬᠤ ᠪᠠᠨ ᠴᠢᠩᠭᠠᠳᠬᠠᠵᠤ᠂ ᠪᠡᠯᠡ ᠴᠤᠭᠯᠠᠭᠤᠯᠬᠤ ᠳᠤ ᠣᠷᠣᠯᠴᠠᠭᠴᠢ ᠶᠢᠨ ᠲᠤᠭ᠎ᠠ᠂ | ᠴᠤᠭᠯᠠᠭᠤᠯᠤᠭᠰᠠᠨ ᠵᠣᠭᠤᠰ ᠤᠨ ᠲᠤᠭ᠎ᠠ᠂ ᠣᠯᠣᠭᠰᠠᠨ ᠠᠵᠤ ᠠᠬᠤᠢ ᠶᠢᠨ ᠠᠰᠢᠭ ᠲᠤᠰᠠ ᠵᠡᠷᠭᠡ ᠪᠠᠶᠢᠳᠠᠯ ᠢ | ᠡᠵᠡᠮᠰᠢᠵᠦ᠂ ᠠᠮᠠᠷᠬᠠᠨ ᠡᠪᠳᠡᠷᠡᠵᠦ ᠬᠤᠬᠢᠷᠠᠬᠤ᠂ ᠦᠷᠳᠡᠭ ᠪᠠᠭᠤᠷᠠᠬᠤ᠂ ᠤᠰᠠᠳᠴᠤ ᠭᠡᠭᠡᠭᠳᠡᠬᠦ ᠡᠳ᠋ ᠬᠥᠷᠥᠩᠭᠡ | ᠪᠣᠳᠠᠰ ᠢ ᠴᠠᠭ ᠲᠤᠬᠠᠢ ᠳᠤ ᠨᠢ ᠬᠤᠳᠠᠯᠳᠤᠵᠤ᠂ ᠪᠡᠯᠡᠨ ᠵᠣᠭᠤᠰ ᠪᠣᠯᠭᠠᠬᠤ ᠪᠤᠶᠤ ᠬᠤᠯᠪᠣᠭᠳᠠᠯ ᠪᠦᠬᠦᠢ ᠪᠡᠯᠡ | ᠬᠥᠷᠥᠩᠭᠡ ᠶᠢ ᠤᠷᠢᠳ ᠢᠶᠠᠷ ᠬᠤᠪᠢᠷᠠᠭᠤᠯᠤᠨ ᠬᠤᠳᠠᠯᠳᠤᠬᠤ᠂ ᠦᠨ᠎ᠡ ᠬᠠᠶᠠᠨ ᠬᠤᠳᠠᠯᠳᠤᠵᠤ᠂ ᠴᠤᠭᠯᠠᠭᠤᠯᠤᠭᠰᠠᠨ | ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ ᠳᠤ ᠬᠡᠷᠡᠭᠯᠡᠬᠦ ᠬᠡᠷᠡᠭᠲᠡᠢ᠃ | ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠨᠢ ᠪᠡᠯᠡ ᠴᠤᠭᠯᠠᠭᠤᠯᠬᠤ ᠳᠤ ᠣᠷᠣᠯᠴᠠᠭᠴᠢ ᠲᠠᠢ ᠭᠦᠢᠴᠡᠳ | ᠨᠡᠪᠲᠡᠷᠡᠯᠴᠡᠨ᠂ ᠵᠥᠪᠳᠡᠯᠴᠡᠵᠦ᠂ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ ᠲᠥᠰᠥᠯ ᠢ ᠲᠣᠭᠲᠠᠭᠠᠵᠤ᠂ | ᠢᠯᠭᠠᠷᠠᠭᠤᠯᠤᠨ ᠪᠤᠴᠠᠭᠠᠬᠤ ᠬᠥᠮᠥᠨ᠂ ᠢᠯᠭᠠᠷᠠᠭᠤᠯᠤᠨ ᠪᠤᠴᠠᠭᠠᠬᠤ ᠵᠣᠭᠤᠰ ᠤᠨ ᠲᠤᠭ᠎ᠠ᠂ ᠢᠯᠭᠠᠷᠠᠭᠤᠯᠤᠨ | ᠪᠤᠴᠠᠭᠠᠬᠤ ᠠᠷᠭ᠎ᠠ ᠬᠡᠯᠪᠡᠷᠢ᠂ ᠢᠯᠭᠠᠷᠠᠭᠤᠯᠤᠨ ᠪᠤᠴᠠᠭᠠᠬᠤ ᠬᠠᠷᠢᠴᠠᠯ᠂ ᠢᠯᠭᠠᠷᠠᠭᠤᠯᠤᠨ ᠪᠤᠴᠠᠭᠠᠬᠤ ᠠᠬᠢᠴᠠ ᠵᠡᠷᠭᠡ | ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ | ᠬᠠᠤᠯᠢ ᠪᠤᠰᠤ ᠪᠠᠷ ᠪᠡᠯᠡ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠭᠴᠢ ᠪᠠ | ᠪᠡᠯᠡ ᠴᠤᠭᠯᠠᠭᠤᠯᠬᠤ ᠳᠤ ᠣᠷᠣᠯᠴᠠᠭᠴᠢ ᠢᠯᠭᠠᠷᠠᠭᠤᠯᠤᠨ ᠪᠤᠴᠠᠭᠠᠬᠤ ᠪᠡᠯᠡ ᠮᠥᠩᠭᠦ ᠶᠢᠨ ᠵᠣᠭᠤᠰ ᠤᠨ ᠲᠤᠭ᠎ᠠ ᠳᠤ | ᠣᠨᠳᠣᠣ ᠰᠠᠨᠠᠯ ᠲᠠᠢ ᠪᠤᠶᠤ ᠵᠥᠪᠳᠡᠯᠴᠡᠭᠡᠳ ᠰᠠᠨᠠᠯ ᠨᠢᠭᠡᠳᠬᠦ ᠶᠢᠨ ᠠᠷᠭ᠎ᠠ ᠦᠭᠡᠢ ᠪᠠᠶᠢᠪᠠᠯ᠂ ᠬᠠᠤᠯᠢ ᠪᠤᠰᠤ ᠪᠠᠷ | ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠪᠣᠯᠣᠨ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠠᠤᠯᠢ ᠪᠤᠰᠤ ᠪᠠᠷ ᠪᠡᠯᠡ | ᠴᠤᠭᠯᠠᠭᠤᠯᠤᠭᠴᠢ ᠶᠢ ᠪᠡᠯᠡ ᠴᠤᠭᠯᠠᠭᠤᠯᠬᠤ ᠳᠤ ᠣᠷᠣᠯᠴᠠᠭᠴᠢ ᠪᠤᠶᠤ ᠲᠡᠳᠡᠨ ᠤ ᠲᠥᠯᠥᠭᠡᠯᠡᠭᠴᠢᠳ ᠤᠨ ᠬᠤᠷᠠᠯ ᠢ | ᠬᠤᠷᠠᠯᠳᠤᠭᠤᠯᠤᠨ᠂ ᠴᠤᠭᠯᠠᠭᠤᠯᠤᠭᠰᠠᠨ ᠪᠡᠯᠡ ᠮᠥᠩᠭᠦ ᠶᠢᠨ ᠢᠷᠡᠯᠲᠡ ᠪᠠ ᠪᠡᠯᠡ ᠬᠥᠷᠥᠩᠭᠡ ᠶᠢᠨ ᠪᠠᠶᠢᠳᠠᠯ᠂ | ᠢᠯᠭᠠᠷᠠᠭᠤᠯᠤᠨ ᠪᠤᠴᠠᠭᠠᠬᠤ ᠵᠠᠷᠴᠢᠮ ᠢ ᠲᠣᠳᠣᠷᠬᠠᠶᠢᠯᠠᠵᠤ᠂ ᠪᠡᠯᠡ ᠴᠤᠭᠯᠠᠭᠤᠯᠬᠤ ᠳᠤ ᠣᠷᠣᠯᠴᠠᠭᠴᠢ ᠪᠤᠶᠤ | ᠲᠡᠳᠡᠨ ᠤ ᠲᠥᠯᠥᠭᠡᠯᠡᠭᠴᠢ ᠶᠢᠨ ᠰᠠᠨᠠᠯ ᠢ ᠭᠦᠢᠴᠡᠳ ᠰᠣᠨᠣᠰᠴᠤ᠂ ᠬᠠᠤᠯᠢ ᠪᠤᠰᠤ ᠪᠠᠷ ᠪᠡᠯᠡ ᠴᠤᠭᠯᠠᠭᠤᠯᠤᠭᠴᠢ ᠶᠢ | ᠵᠢᠭᠠᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ᠂ ᠲᠣᠭᠲᠠᠭᠠᠯ ᠳᠤ ᠨᠡᠶᠢᠴᠡᠭᠰᠡᠨ ᠰᠠᠭᠤᠷᠢᠨ ᠳᠡᠭᠡᠷ᠎ᠡ | ᠢᠯᠭᠠᠷᠠᠭᠤᠯᠤᠨ ᠪᠤᠴᠠᠭᠠᠬᠤ ᠲᠥᠰᠥᠯ ᠢᠶᠠᠨ ᠲᠡᠭᠦᠯᠳᠡᠷᠵᠢᠭᠦᠯᠵᠦ᠂ ᠴᠠᠭ ᠲᠤᠬᠠᠢ ᠳᠤ ᠨᠢ ᠢᠯᠭᠠᠷᠠᠭᠤᠯᠤᠨ | ᠪᠤᠴᠠᠭᠠᠬᠤ ᠪᠠᠷ ᠱᠠᠭᠠᠷᠳᠠᠬᠤ ᠬᠡᠷᠡᠭᠲᠡᠢ᠃ | ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ ᠨᠢ | ᠬᠡᠷᠡᠭ ᠤᠨ ᠬᠡᠷᠡᠭᠴᠡᠭᠡ ᠶᠢ ᠦᠨᠳᠦᠰᠦᠯᠡᠨ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠪᠤᠶᠤ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠤᠷᠪᠠᠳᠠᠭᠴᠢ ᠡᠲᠡᠭᠡᠳ ᠤᠨ ᠪᠠᠶᠢᠭᠤᠯᠤᠮᠵᠢ ᠶᠢ ᠤᠷᠢᠵᠤ | ᠢᠯᠭᠠᠷᠠᠭᠤᠯᠤᠨ ᠪᠤᠴᠠᠭᠠᠬᠤ ᠲᠥᠰᠥᠯ ᠢ ᠲᠣᠭᠲᠠᠭᠠᠬᠤ ᠪᠠ ᠢᠯᠭᠠᠷᠠᠭᠤᠯᠤᠨ ᠪᠤᠴᠠᠭᠠᠬᠤ ᠶᠠᠪᠤᠴᠠ ᠳᠤ ᠬᠢᠨᠠᠯᠲᠠ | ᠲᠠᠯᠪᠢᠬᠤ ᠳᠤ ᠣᠷᠣᠯᠴᠠᠭᠤᠯᠵᠤ ᠪᠣᠯᠣᠨ᠎ᠠ᠃ | ᠭᠤᠴᠢᠨ ᠭᠤᠷᠪᠠᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠤᠯᠢ ᠪᠤᠰᠤ ᠪᠠᠷ ᠪᠡᠯᠡ | ᠴᠤᠭᠯᠠᠭᠤᠯᠬᠤ ᠳᠤᠮᠳᠠ ᠠᠴᠠ ᠠᠵᠤ ᠠᠬᠤᠢ ᠶᠢᠨ ᠠᠰᠢᠭ ᠲᠤᠰᠠ ᠣᠯᠵᠤ ᠪᠣᠯᠬᠤ ᠦᠭᠡᠢ᠃ ᠬᠠᠤᠯᠢ ᠪᠤᠰᠤ ᠪᠠᠷ | ᠪᠡᠯᠡ ᠴᠤᠭᠯᠠᠭᠤᠯᠤᠭᠴᠢ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠬᠠᠮᠵᠢᠭᠴᠢ ᠳᠣᠣᠷ᠎ᠠ ᠵᠢᠭᠰᠠᠭᠠᠭᠰᠠᠨ | ᠲᠣᠭᠲᠠᠭᠠᠯ ᠶᠣᠰᠣᠭᠠᠷ ᠪᠡᠯᠡ ᠴᠤᠭᠯᠠᠭᠤᠯᠬᠤ ᠳᠤ ᠣᠷᠣᠯᠴᠠᠭᠴᠢ ᠶᠢᠨ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ | ᠬᠡᠷᠡᠭᠲᠡᠢ᠄ | ︵ᠨᠢᠭᠡ︶ ᠢᠯᠭᠠᠷᠠᠭᠤᠯᠤᠨ ᠪᠤᠴᠠᠭᠠᠬᠤ ᠪᠡᠯᠡ ᠮᠥᠩᠭᠦ ᠨᠢ ᠪᠡᠯᠡ ᠴᠤᠭᠯᠠᠭᠤᠯᠬᠤ ᠳᠠᠬᠢ ᠪᠥᠬᠦ | ᠣᠷᠣᠯᠴᠠᠭᠴᠢ ᠶᠢᠨ ᠡᠬᠡ ᠮᠥᠩᠭᠦ ᠶᠢ ᠲᠥᠯᠥᠵᠦ ᠳᠡᠶᠢᠯᠬᠦ ᠳᠤ ᠭᠦᠷᠪᠡᠯ᠂ ᠨᠢᠭᠡ ᠯᠡ ᠤᠳᠠᠭ᠎ᠠ ᠳᠤ ᠲᠥᠯᠥᠬᠦ ᠬᠡᠷᠡᠭᠲᠡᠢ | ᠃ ᠪᠡᠯᠡ ᠴᠤᠭᠯᠠᠭᠤᠯᠬᠤ ᠳᠤ ᠣᠷᠣᠯᠴᠠᠭᠴᠢ ᠲᠠᠢ ᠵᠥᠪᠳᠡᠯᠴᠡᠭᠡᠳ ᠰᠠᠨᠠᠯ ᠨᠢᠭᠡᠳᠦᠭᠰᠡᠨ ᠤᠷᠢᠲᠠᠯ ᠳᠣᠣᠷ᠎ᠠ᠂ ᠬᠠᠤᠯᠢ | ᠪᠤᠰᠤ ᠪᠠᠷ ᠴᠤᠭᠯᠠᠭᠤᠯᠤᠭᠰᠠᠨ ᠪᠡᠯᠡ ᠮᠥᠩᠭᠦ ᠶᠢ ᠢᠯᠭᠠᠷᠠᠭᠤᠯᠤᠨ ᠪᠤᠴᠠᠭᠠᠬᠤ ᠳᠤ ᠬᠤᠭᠤᠴᠠᠭ᠎ᠠ ᠬᠤᠪᠢᠶᠠᠨ ᠬᠠᠷᠢᠴᠠᠯ | ᠶᠣᠰᠣᠭᠠᠷ ᠡᠬᠡ ᠮᠥᠩᠭᠦ ᠶᠢ ᠨᠢ ᠪᠤᠴᠠᠭᠠᠬᠤ᠂ ᠦᠨ᠎ᠡ ᠨᠤᠭᠤᠯᠤᠨ ᠪᠤᠳᠤᠵᠤ ᠬᠤᠪᠢ ᠣᠷᠣᠭᠤᠯᠬᠤ ᠪᠠ ᠪᠣᠳᠠᠲᠤ | ᠶᠠᠭᠤᠮ᠎ᠠ ᠪᠠᠷ ᠥᠷᠢ ᠲᠥᠯᠥᠬᠦ ᠵᠡᠷᠭᠡ ᠠᠷᠭ᠎ᠠ ᠪᠠᠷ ᠶᠠᠪᠤᠭᠳᠠᠭᠤᠯᠬᠤ︔ | ︵ᠬᠤᠶᠠᠷ︶ ᠢᠯᠭᠠᠷᠠᠭᠤᠯᠤᠨ ᠪᠤᠴᠠᠭᠠᠬᠤ ᠪᠡᠯᠡ ᠮᠥᠩᠭᠦ ᠨᠢ ᠪᠡᠯᠡ ᠴᠤᠭᠯᠠᠭᠤᠯᠬᠤ ᠳᠠᠬᠢ ᠪᠥᠬᠦ | ᠣᠷᠣᠯᠴᠠᠭᠴᠢ ᠶᠢᠨ ᠡᠬᠡ ᠮᠥᠩᠭᠦ ᠶᠢ ᠲᠥᠯᠥᠵᠦ ᠭᠦᠢᠴᠡᠬᠦ ᠦᠭᠡᠢ ᠪᠣᠯ᠂ ᠪᠡᠯᠡ ᠴᠤᠭᠯᠠᠭᠤᠯᠬᠤ ᠳᠤ | ᠣᠷᠣᠯᠴᠠᠭᠴᠢ ᠶᠢᠨ ᠪᠡᠯᠡ ᠭᠠᠷᠭᠠᠭᠰᠠᠨ ᠬᠠᠷᠢᠴᠠᠯ ᠢᠶᠠᠷ ᠨᠢᠭᠡᠳᠦᠯᠲᠡᠢ ᠲᠥᠯᠥᠵᠦ ᠳᠠᠭᠤᠰᠬᠠᠨ᠎ᠠ︔ | ︵ᠭᠤᠷᠪᠠ︶ ᠪᠡᠯᠡ ᠴᠤᠭᠯᠠᠭᠤᠯᠬᠤ ᠳᠤ ᠣᠷᠣᠯᠴᠠᠭᠴᠢ ᠶᠢᠨ ᠨᠢᠭᠡᠨᠲᠡ ᠣᠯᠣᠭᠰᠠᠨ ᠠᠰᠢᠭ ᠲᠤᠰᠠ ᠶᠢ | ᠲᠡᠭᠦᠨ ᠤ ᠡᠬᠡ ᠮᠥᠩᠭᠦ ᠠᠴᠠ ᠬᠠᠰᠤᠵᠤ ᠭᠠᠷᠭᠠᠨ᠎ᠠ᠃ | ᠭᠤᠴᠢᠨ ᠳᠥᠷᠪᠡᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠥᠯᠥᠭᠡ ᠪᠠᠶᠢᠭᠤᠯᠤᠭᠰᠠᠨ | ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠠᠷᠢᠶᠠᠴᠢᠨ ᠤ ᠲᠤᠰᠬᠠᠢ ᠠᠵᠢᠯ ᠤᠨ | ᠬᠤᠷᠰᠢᠶᠠᠵᠢᠯ ᠤᠨ ᠡᠵᠡᠩᠨᠡᠯᠲᠡ ᠶᠢᠨ ᠦᠨᠡᠮᠯᠡᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ | ᠲᠥᠯᠥᠭᠡ ᠪᠠᠶᠢᠭᠤᠯᠤᠭᠰᠠᠨ ᠰᠦᠯᠵᠢᠶ᠎ᠡ᠂ ᠨᠡᠭᠡᠭᠡᠨ ᠬᠥᠭᠵᠢᠭᠦᠯᠦᠭᠰᠡᠨ ᠰᠢᠯᠵᠢᠮᠡᠯ ᠬᠡᠷᠡᠭᠯᠡᠯᠲᠡ ᠶᠢᠨ ᠫᠷᠣᠭ᠍ᠷᠠᠮ ᠵᠡᠷᠭᠡ | ᠢᠨᠲ᠋ᠧᠷ ᠰᠦᠯᠵᠢᠶᠡᠨ ᠤ ᠬᠡᠷᠡᠭᠯᠡᠯᠲᠡ ᠶᠢ ᠴᠠᠬᠢᠯᠭᠠᠨ ᠬᠤᠯᠪᠣᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠬᠠᠭᠠᠵᠤ ᠵᠣᠭᠰᠤᠭᠠᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠠᠴᠠ | ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠦᠶ᠋ᠯᠡ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ | ᠰᠢᠢᠳᠬᠡᠯ ᠥᠭᠬᠦ ᠪᠤᠶᠤ ᠰᠢᠢᠳᠬᠡᠯ ᠠᠴᠠ ᠬᠡᠯᠲᠦᠷᠢᠭᠦᠯᠬᠦ ᠳᠤ᠂ ᠬᠤᠯᠪᠣᠭᠳᠠᠯ ᠪᠦᠬᠦᠢ ᠪᠠᠶᠢᠳᠠᠯ ᠢᠶᠠᠨ ᠴᠠᠭ | ᠲᠤᠬᠠᠢ ᠳᠤ ᠨᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ | ᠮᠥᠴᠢᠷ ᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠨᠢᠭᠡᠴᠢ ᠪᠤᠶᠤ ᠬᠤᠪᠢ | ᠬᠥᠮᠥᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠣᠯ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠪᠣᠯᠣᠨ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ ᠨᠢ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ | ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠨ ᠰᠢᠢᠳᠪᠦᠷᠢᠯᠡᠬᠦ ᠲᠣᠭᠲᠠᠭᠠᠯ︾ ᠵᠡᠷᠭᠡ ᠶᠢᠨ ᠶᠣᠰᠣᠭᠠᠷ | ᠬᠡᠷᠡᠭᠵᠢᠭᠦᠯᠬᠦ ᠬᠡᠷᠡᠭᠲᠡᠢ᠃ ᠶᠠᠯ᠎ᠠ ᠳᠤ ᠬᠦᠷᠣᠭ᠍ᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠢ | ᠪᠡᠶᠡᠯᠡᠭᠦᠯᠦᠭᠰᠡᠨ ᠤ ᠳᠠᠷᠠᠭ᠎ᠠ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠳᠤ ᠲᠦᠷᠦᠭᠦᠯᠡᠬᠦ | ᠰᠠᠯᠠᠭ᠎ᠠ ᠮᠥᠴᠢᠷ ᠨᠢ ᠰᠢᠢᠳᠪᠦᠷᠢᠯᠡᠭᠰᠡᠨ ᠮᠡᠳᠡᠭᠦᠯᠦᠯᠲᠡ ᠭᠠᠷᠭᠠᠬᠤ ᠬᠡᠷᠡᠭᠲᠡᠢ᠃ ᠰᠢᠢᠳᠪᠦᠷᠢᠯᠡᠭᠰᠡᠨ | ᠮᠡᠳᠡᠭᠦᠯᠦᠯᠲᠡ ᠳᠤ ᠭᠤᠣᠯᠳᠠᠭᠤ᠄ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠤᠨ ᠰᠦᠪᠡᠭᠴᠢ᠂ | ᠰᠢᠢᠳᠪᠦᠷᠢᠯᠡᠭᠳᠡᠭᠰᠡᠨ ᠡᠲᠡᠭᠡᠳ ᠤᠨ ᠦᠨᠳᠦᠰᠦᠨ ᠪᠠᠶᠢᠳᠠᠯ᠂ ᠪᠠᠶᠢᠴᠠᠭᠠᠯᠲᠠ ᠬᠢᠵᠦ ᠭᠡᠷᠡᠴᠢ ᠴᠤᠭᠯᠠᠭᠤᠯᠤᠭᠰᠠᠨ | ᠵᠢᠴᠢ ᠰᠢᠨᠵᠢ ᠴᠢᠨᠠᠷ ᠢ ᠮᠠᠭᠠᠳᠯᠠᠨ ᠲᠣᠭᠲᠠᠭᠠᠭᠰᠠᠨ ᠪᠠᠶᠢᠳᠠᠯ᠂ ᠬᠠᠤᠯᠢ ᠶᠢ ᠵᠥᠷᠢᠴᠡᠭᠰᠡᠨ ᠭᠤᠣᠯ ᠪᠣᠳᠠᠲᠤ ᠬᠡᠷᠡᠭ | ᠪᠠ ᠭᠡᠷᠡᠴᠢ ᠪᠠᠷᠢᠮᠲᠠ᠂ ᠰᠢᠢᠳᠪᠦᠷᠢᠯᠡᠬᠦ ᠠᠵᠢᠯ ᠳᠤᠮᠳᠠ ᠠᠪᠤᠭᠰᠠᠨ ᠠᠷᠭ᠎ᠠ ᠬᠡᠮᠵᠢᠶ᠎ᠡ ᠵᠢᠴᠢ ᠰᠢᠢᠳᠪᠦᠷᠢᠯᠡᠭᠰᠡᠨ | ᠦᠷ᠎ᠡ ᠳ᠋ᠦᠩ ᠵᠡᠷᠭᠡ ᠪᠠᠭᠲᠠᠨ᠎ᠠ᠃ | ᠭᠤᠴᠢᠨ ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠪᠢᠶᠠᠷᠢ ᠪᠠᠶᠢᠭᠤᠯᠤᠮᠵᠢ᠂ ᠲᠣᠮᠢᠯᠠᠭᠰᠠᠨ ᠪᠠᠶᠢᠭᠤᠯᠤᠮᠵᠢ᠂ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠤᠰᠤᠳ | ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠠᠵᠢᠯ ᠢ | ᠰᠢᠢᠳᠪᠦᠷᠢᠯᠡᠬᠦ ᠳᠤ ᠳᠡᠮᠵᠢᠯᠭᠡ ᠦᠵᠡᠭᠦᠯᠵᠦ ᠬᠠᠮᠵᠢᠯᠴᠠᠬᠤ ᠬᠡᠷᠡᠭᠲᠡᠢ᠃ | ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ | ᠠᠵᠢᠯ ᠢ ᠬᠤᠷᠢᠭᠯᠠᠬᠤ ᠪᠠ ᠬᠠᠷᠰᠢᠯᠠᠵᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠶᠠᠪᠤᠴᠠ ᠳᠤ᠂ | ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠦᠭᠰᠢᠭᠦᠷᠢ ᠶᠢ ᠰᠤᠳᠤᠯᠤᠨ | ᠮᠠᠭᠠᠳᠯᠠᠬᠤ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠪᠠᠨ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠲᠣᠭᠲᠠᠭᠠᠵᠤ᠂ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠡᠮᠬᠢ ᠵᠢᠷᠤᠮ ᠲᠠᠢ ᠪᠥᠭᠡᠳ ᠯᠠᠪᠳᠠᠭᠤᠨ ᠢᠶᠠᠷ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ | ᠶᠣᠰᠣᠨ ᠤ ᠬᠥᠭᠡᠭᠡᠴᠡᠯᠳᠦᠯ ᠱᠠᠭᠠᠷᠳᠠᠯᠭ᠎ᠠ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠪᠠᠶᠢᠭᠠᠳ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ᠃ | ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢᠳᠦᠭᠡᠷ ᠵᠦᠢᠯ ᠲᠣᠰ ᠨᠠᠷᠢᠨ ᠳᠦᠷᠢᠮ ᠢ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠳᠥᠴᠢᠨ ᠨᠢᠭᠡᠳᠦᠭᠡᠷ ᠵᠦᠢᠯ ᠲᠣᠰ ᠨᠠᠷᠢᠨ ᠳᠦᠷᠢᠮ ᠢ 2023 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2023 ᠣᠨ ᠤ 1 ᠳ᠋ᠦ᠋ᠭᠡᠷ ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠪᠠ |