ᠥᠪᠥᠷ ᠮᠣᠩᠭᠤᠯ ᠤᠨ ᠥᠪᠡᠷᠲᠡᠭᠡᠨ ᠵᠠ᠊ᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ︹2023︺10 ᠳ᠋ᠤᠭᠠᠷ ᠲᠣᠭᠠᠲᠤ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ | ︵ᠦᠬᠡᠷ ᠬᠤᠨᠢ ᠢᠮᠠᠭ᠎ᠠ︶ ᠤᠨ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ | ᠪᠡᠯᠡ ᠮᠥᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ | ᠠᠵᠤ ᠠᠬᠤᠶᠢᠯᠠᠯ ︵ᠦᠬᠡᠷ ᠬᠤᠨᠢ ᠢᠮᠠᠭ᠎ᠠ︶ ᠤᠨ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ | ᠵᠢᠯᠤᠭᠤᠳᠬᠤ ᠪᠡᠯᠡ ᠮᠥᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ︾ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ | ᠠᠬᠤᠶᠢᠯᠠᠯ ︵ᠦᠬᠡᠷ ᠬᠤᠨᠢ ᠢᠮᠠᠭ᠎ᠠ︶ ᠤᠨ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ | ᠵᠢᠯᠤᠭᠤᠳᠬᠤ ᠪᠡᠯᠡ ᠮᠥᠩᠭᠦᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ | ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠠᠯᠠᠰᠢᠨ ᠬᠤᠨᠢᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠵᠢᠯ | ᠲᠥᠷᠥᠯ ᠤᠨ ᠬᠥᠲᠥᠴᠢ ᠠᠵᠤ ᠠᠬᠤᠶᠢᠯᠠᠯ ᠢ ᠪᠤᠶᠢᠵᠢᠭᠤᠯᠬᠤ ᠪᠠ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠶᠢ | ᠲᠣᠪᠤᠶᠢᠯᠭᠠᠵᠣ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ︵ᠦᠬᠡᠷ ᠬᠤᠨᠢ | ᠢᠮᠠᠭ᠎ᠠ︶ ᠤᠨ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠶᠢ ᠬᠥᠲᠥᠯᠥᠨ ᠵᠢᠯᠤᠭᠤᠳᠬᠤ ᠪᠡᠯᠡ ᠮᠥᠩᠭᠦ ︵ | ᠳᠣᠷᠣᠭᠰᠢ ᠬᠥᠲᠥᠯᠥᠨ ᠵᠢᠯᠤᠭᠤᠳᠬᠤ ᠪᠡᠯᠡ ᠮᠥᠩᠭᠦ ᠭᠡᠵᠦ ᠲᠣᠪᠴᠢᠯᠠᠨ᠎ᠠ︶ ᠶᠢ ᠲᠣᠬᠢᠷᠠᠭᠤᠯᠬᠤ ᠪᠠᠷ ᠳᠠᠮᠵᠢᠭᠤᠯᠤᠨ | ᠂ ᠵᠠᠰᠠᠭ ᠪᠠᠩᠬᠢ ᠠᠵᠤ ᠠᠬᠤᠶᠢᠯᠠᠯ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠪᠡᠯᠡ | ᠮᠥᠩᠭᠦᠨ ᠤ ᠬᠥᠰᠢᠭᠦᠷᠭᠡ ᠶᠢᠨ ᠦᠷ᠎ᠡ ᠨᠥᠯᠥᠭᠡ ᠶᠢ ᠶᠡᠬᠡᠰᠬᠡᠨ᠂ ᠠᠵᠤ ᠠᠬᠤᠶᠢᠯᠠᠯ ᠤᠨ ᠡᠷᠭᠢᠮᠡᠯ ᠪᠡᠯᠡ ᠮᠥᠩᠭᠦᠨ ᠤ | ᠪᠡᠯᠡ ᠲᠣᠬᠢᠷᠠᠭᠤᠯᠬᠤ ᠠᠰᠠᠭᠤᠳᠠᠯ ᠢ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠠᠯᠠᠰᠢᠨ ᠦᠬᠡᠷ ᠠᠯᠠᠰᠢᠨ | ᠬᠤᠨᠢᠨ ᠤ ᠬᠥᠲᠥᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ | ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ | ᠬᠥᠲᠥᠯᠥᠨ ᠵᠢᠯᠤᠭᠤᠳᠬᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠰᠡᠳᠬᠢᠴᠡ | ᠬᠥᠲᠥᠯᠥᠨ ᠵᠢᠯᠤᠭᠤᠳᠬᠤ ᠪᠡᠯᠡ ᠮᠥᠩᠭᠦ ᠲᠣᠬᠢᠷᠠᠭᠤᠯᠬᠤ ᠪᠠᠷ ᠳᠠᠮᠵᠢᠭᠤᠯᠵᠤ ᠪᠠᠩᠬᠢ ᠶᠢᠨ ᠪᠠᠷᠢᠴᠠᠭ᠎ᠠ ᠦᠭᠡᠢ᠂ | ᠳᠠᠭᠠᠭᠠᠯᠲᠠ ᠦᠭᠡᠢ ᠢᠲᠡᠭᠡᠮᠵᠢᠲᠦ ᠵᠢᠭᠡᠯᠡᠯᠭᠡ ᠶᠢᠨ ᠵᠣᠭᠤᠰ ᠢ ᠬᠥᠭᠵᠢᠭᠡᠵᠦ ᠢᠲᠡᠭᠡᠮᠵᠢ ᠶᠢ ᠨᠢ ᠨᠡᠮᠡᠭᠳᠡᠭᠦᠯᠦᠨ᠂ | ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠥᠭᠡᠳ ᠦᠨᠡᠲᠡᠢ ᠪᠠᠶᠢᠬᠤ ᠠᠰᠠᠭᠤᠳᠠᠯ ᠢ | ᠪᠦᠲᠦᠮᠵᠢᠲᠡᠶ ᠨᠠᠮᠳᠠᠭᠤᠯᠤᠨ᠎ᠠ︔ ᠴᠥᠷᠬᠡᠯᠡᠭᠡ ᠬᠠᠮᠢᠶᠠᠷᠤᠯᠲᠠ ᠪᠠ ᠲᠤᠰᠬᠠᠢ ᠡᠷᠥᠭᠡ ᠶᠢᠨ ᠬᠠᠮᠢᠶᠠᠷᠤᠯᠲᠠ ᠪᠠᠷ | ᠳᠠᠮᠵᠢᠭᠤᠯᠤᠨ᠂ ᠲᠤᠰᠬᠠᠢ ᠵᠣᠭᠤᠰ ᠢ ᠲᠤᠰᠬᠠᠢ ᠬᠡᠷᠡᠭᠯᠡᠬᠦ ᠶᠢ ᠪᠡᠶᠡᠯᠡᠭᠦᠯᠵᠦ᠂ ᠪᠡᠯᠡ ᠮᠥᠩᠭᠦᠨ ᠤ ᠠᠶᠤᠯ ᠦᠭᠡᠢ | ᠪᠠᠶᠢᠬᠤ ᠶᠢ ᠦᠨᠡᠨ ᠬᠦ ᠪᠠᠲᠤᠯᠠᠨ᠎ᠠ︔ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠲᠠᠲᠠᠨ ᠣᠷᠣᠭᠤᠯᠵᠤ | ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠢ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ ᠪᠦᠬᠦ | ᠶᠠᠪᠤᠴᠠ ᠶᠢᠨ ᠬᠢᠨᠠᠨ ᠡᠵᠡᠮᠳᠡᠬᠦ ᠬᠠᠮᠢᠶᠠᠷᠤᠯᠲᠠ ᠬᠡᠷᠡᠭᠵᠢᠭᠦᠯᠬᠦ ᠪᠠᠷ ᠳᠠᠮᠵᠢᠭᠤᠯᠤᠨ᠂ ᠪᠡᠯᠡ ᠮᠥᠩᠭᠦᠨ ᠤ ᠳᠠᠯᠳᠠ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ | ᠬᠤᠶᠠᠷ᠂ ᠪᠡᠯᠡ ᠮᠥᠩᠭᠦᠨ ᠤ ᠢᠷᠡᠯᠲᠡ᠂ ᠬᠡᠷᠡᠭᠴᠡᠭᠡ ᠵᠢᠴᠢ ᠬᠠᠮᠢᠶᠠᠷᠤᠯᠲᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠪᠠ | ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ ︹ ᠬᠤᠰᠢᠭᠤ ᠰᠢᠶᠠᠨ ︵ᠬᠤᠲᠠ᠂ | ᠲᠣᠭᠤᠷᠢᠭ︶ ︺ ᠭᠤᠷᠪᠠᠨ ᠲᠠᠯ᠎ᠠ ᠪᠠᠷ ᠢᠶᠠᠨ ᠬᠠᠮᠲᠤ ᠪᠠᠷ ᠪᠡᠯᠡ ᠮᠥᠩᠭᠦ ᠴᠤᠭᠯᠠᠭᠤᠯᠬᠤ ᠪᠠᠷ ᠳᠠᠮᠵᠢᠨ ᠪᠡᠯᠡ | ᠮᠥᠩᠭᠦᠨ ᠤ ᠬᠥᠮᠥᠷᠭᠡ ᠪᠠᠶᠢᠭᠤᠯᠵᠤ᠂ ᠠᠯᠠᠰᠢᠨ ᠦᠬᠡᠷ ᠠᠯᠠᠰᠢᠨ ᠬᠤᠨᠢᠨ ᠤ ᠬᠥᠲᠥᠴᠢ ᠠᠵᠤ ᠠᠬᠤᠶᠢᠯᠠᠯ ᠤᠨ | ᠢᠲᠡᠭᠡᠮᠵᠢ ᠶᠢ ᠨᠡᠮᠡᠭᠳᠡᠭᠦᠯᠦᠨ᠂ ᠪᠠᠩᠬᠢ ᠶᠢᠨ ᠪᠠᠷᠢᠴᠠᠭ᠎ᠠ ᠦᠭᠡᠢ᠂ ᠳᠠᠭᠠᠭᠠᠯᠲᠠ ᠦᠭᠡᠢ ᠢᠲᠡᠭᠡᠮᠵᠢᠲᠦ ᠵᠢᠭᠡᠯᠡᠯᠭᠡ ᠶᠢ | 1:10 ᠶᠢᠨ ᠬᠠᠷᠢᠴᠠᠯ ᠢᠶᠠᠷ ᠬᠥᠭᠵᠢᠭᠡᠨ ᠭᠥᠢᠯᠭᠡᠭᠡᠵᠦ ᠪᠠᠶᠢᠭᠠᠳ ᠲᠠᠯᠪᠢᠭᠤᠯᠵᠤ᠂ ᠠᠵᠤ ᠠᠬᠤᠶᠢᠯᠠᠯ ᠤᠨ | ᠦᠢᠯᠡᠳᠪᠦᠷᠢᠯᠡᠵᠦ ᠬᠤᠳᠠᠯᠳᠤᠨ ᠠᠪᠬᠤ᠂ ᠨᠢᠲᠤᠯᠵᠤ ᠡᠳ᠋ᠰᠢᠭᠦᠯᠬᠦ᠂ ᠪᠣᠷᠣᠯᠠᠭᠤᠯᠤᠨ ᠬᠤᠳᠠᠯᠳᠤᠬᠤ | ᠬᠤᠭᠤᠴᠠᠭᠠᠨ ᠳᠠᠬᠢ ᠭᠦᠢᠯᠭᠡᠭᠡᠨ ᠤ ᠪᠡᠯᠡ ᠮᠥᠩᠭᠦ ᠳᠤᠲᠠᠭᠳᠠᠬᠤ ᠠᠰᠠᠭᠤᠳᠠᠯ ᠢ ᠨᠠᠮᠳᠠᠭᠤᠯᠤᠨ᠎ᠠ᠃ ᠡᠭᠦᠨ ᠳᠤ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 2 ᠳ᠋ᠥᠩᠰᠢᠭᠤᠷ ᠲᠥᠭᠦᠷᠢᠭ ᠤᠨ ᠬᠥᠲᠥᠯᠥᠨ ᠵᠢᠯᠤᠭᠤᠳᠬᠤ ᠪᠡᠯᠡ | ᠮᠥᠩᠭᠦ ᠲᠣᠬᠢᠷᠠᠭᠤᠯᠤᠨ᠎ᠠ︔ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠭᠤᠶᠤᠴᠢᠯᠠᠭᠰᠠᠨ ᠵᠢᠭᠡᠯᠡᠯᠭᠡ ᠶᠢᠨ | ᠵᠣᠭᠤᠰ ᠤᠨ ᠲᠤᠭ᠎ᠠ ᠶᠢᠨ 10 % ᠪᠠᠷ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠲᠤᠰᠢᠶᠠᠵᠤ᠂ ᠪᠠᠲᠤᠯᠠᠭ᠎ᠠ ᠶᠢᠨ | ᠮᠥᠩᠭᠦ ᠨᠢ ᠡᠷᠬᠡᠪᠰᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠥᠪᠡᠷ ᠤᠨ ᠬᠢᠨᠢ ᠪᠡᠯᠡ ᠮᠥᠩᠭᠦ ᠪᠠᠶᠢᠬᠤ | ᠬᠡᠷᠡᠭᠲᠡᠢ︔ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ ︹ ᠬᠤᠰᠢᠭᠤ ᠰᠢᠶᠠᠨ | ︵ᠬᠤᠲᠠ᠂ ᠲᠣᠭᠤᠷᠢᠭ︶ ︺ ᠶᠢᠨ ᠡᠳ᠋ ᠤᠨ ᠵᠠᠰᠠᠭ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ | ᠲᠤᠰᠢᠶᠠᠭᠰᠠᠨ ᠪᠠᠲᠤᠯᠠᠭ᠎ᠠ ᠶᠢᠨ ᠮᠥᠩᠭᠦᠨ ᠤ 1:0.5 ᠪᠠᠷ ᠢᠵᠢ ᠪᠦᠷᠢᠳᠦᠭᠦᠯᠬᠦ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠵᠢᠯ ᠪᠦᠷᠢ 1500 ᠲᠦᠮᠡᠨ ᠲᠥᠭᠦᠷᠢᠭ ᠤᠨ ᠡᠳ᠋ ᠤᠨ ᠵᠠᠰᠠᠭ ᠤᠨ | ᠳᠠᠮ ᠬᠦᠦ ᠲᠠᠢ ᠪᠡᠯᠡ ᠮᠥᠩᠭᠦ ᠲᠣᠬᠢᠷᠠᠭᠤᠯᠤᠨ᠎ᠠ᠃ ᠣᠷᠣᠯᠠᠨ ᠲᠥᠯᠥᠬᠦ ᠤᠴᠢᠷ ᠡᠭᠦᠰᠪᠡᠯ᠂ ᠡᠩ ᠲᠡᠷᠢᠭᠦᠨ ᠳᠤ | ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠪᠠ ᠠᠶᠢᠮᠠᠭ ᠬᠤᠲᠠ ︹ ᠬᠤᠰᠢᠭᠤ ᠰᠢᠶᠠᠨ ︵ᠬᠤᠲᠠ᠂ | ᠲᠣᠭᠤᠷᠢᠭ︶ ︺ ᠶᠢᠨ ᠲᠤᠰᠢᠶᠠᠭᠰᠠᠨ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠵᠢᠴᠢ ᠬᠠᠳᠠᠭᠠᠯᠠᠮᠵᠢ ᠶᠢᠨ | ᠵᠣᠭᠤᠰᠤᠨ ᠤ ᠬᠦᠦ ᠮᠥᠩᠭᠦᠨ ᠤ ᠣᠷᠣᠯᠭ᠎ᠠ ᠪᠠᠷ ᠣᠷᠣᠯᠠᠨ ᠲᠥᠯᠥᠵᠦ᠂ ᠬᠦᠷᠦᠯᠴᠡᠬᠦ ᠦᠭᠡᠢ ᠬᠡᠰᠡᠭ ᠢ ᠨᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠪᠡᠯᠡ ᠮᠥᠩᠭᠦ ᠪᠠ ᠬᠤᠷᠰᠢᠭᠰᠠᠨ | ᠪᠠᠩᠬᠢ ᠨᠢ 7: 3 ᠶᠢᠨ ᠬᠠᠷᠢᠴᠠᠯ ᠢᠶᠠᠷ ᠢᠲᠡᠭᠡᠮᠵᠢ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠨ᠎ᠡ᠃ ᠵᠢᠭᠡᠯᠡᠯᠭᠡ ᠶᠢᠨ | ᠬᠤᠭᠤᠴᠠᠭ᠎ᠠ ᠲᠤᠯᠵᠤ ᠡᠬᠡ ᠬᠦᠦ ᠮᠥᠩᠭᠦ ᠶᠢ ᠨᠢ ᠪᠤᠴᠠᠭᠠᠭᠰᠠᠨ ᠤ ᠳᠠᠷᠠᠭ᠎ᠠ᠂ ᠲᠦᠭᠰᠢᠭᠦᠷᠢ ᠶᠢᠨ ᠪᠠᠲᠤᠯᠠᠭ᠎ᠠ ᠶᠢᠨ | ᠮᠥᠩᠭᠦ ᠵᠢᠴᠢ ᠬᠠᠳᠠᠭᠠᠯᠠᠮᠵᠢ ᠶᠢᠨ ᠬᠦᠦ ᠮᠥᠩᠭᠦ ᠶᠢ ᠪᠦᠬᠦ ᠲᠤᠭ᠎ᠠ ᠪᠠᠷ ᠨᠢ ᠪᠤᠴᠠᠭᠠᠬᠤ ᠬᠡᠷᠡᠭᠲᠡᠢ᠃ ᠬᠥᠲᠥᠯᠥᠨ | ᠵᠢᠯᠤᠭᠤᠳᠬᠤ ᠪᠡᠯᠡ ᠮᠥᠩᠭᠦᠨ ᠳᠤ ᠲᠤᠰᠬᠠᠢ ᠳᠠᠩᠰᠠ ᠶᠢᠨ ᠬᠠᠮᠢᠶᠠᠷᠤᠯᠲᠠ᠂ ᠪᠢᠳᠡᠭᠦᠮᠵᠢᠯᠡᠨ ᠠᠵᠢᠯᠯᠠᠭᠤᠯᠬᠤ ᠪᠠ | ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠬᠡᠷᠡᠭᠵᠢᠭᠦᠯᠦᠨ᠎ᠡ᠃ | ᠭᠤᠷᠪᠠ᠂ ᠰᠠᠯᠠᠭ᠎ᠠ ᠮᠥᠴᠢᠷ ᠨᠢᠭᠡᠴᠢ ᠶᠢᠨ ᠡᠭᠦᠷᠭᠡ ᠬᠠᠷᠢᠭᠤᠴᠠᠯᠭ᠎ᠠ | ︵ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠡᠭᠦᠷᠭᠡ ᠬᠠᠷᠢᠭᠤᠴᠠᠯᠭ᠎ᠠ᠃ | ᠬᠥᠲᠥᠯᠥᠨ ᠵᠢᠯᠤᠭᠤᠳᠬᠤ ᠪᠡᠯᠡ ᠮᠥᠩᠭᠦ᠂ ᠡᠳ᠋ ᠤᠨ ᠵᠠᠰᠠᠭ ᠤᠨ ᠳᠠᠮ ᠬᠦᠦ ᠮᠥᠩᠭᠦ ᠵᠡᠷᠭᠡ ᠪᠡᠯᠡ ᠮᠥᠩᠭᠦᠨ ᠤ | ᠲᠥᠰᠥᠪ ᠤᠨ ᠬᠠᠮᠢᠶᠠᠷᠤᠯᠲᠠ᠂ ᠪᠡᠯᠡ ᠮᠥᠩᠭᠦ ᠰᠠᠯᠭᠠᠨ ᠥᠭᠬᠦ ᠶᠢ ᠬᠠᠷᠢᠭᠤᠴᠠᠨ᠎ᠠ︔ ᠬᠥᠲᠥᠯᠥᠨ ᠵᠢᠯᠤᠭᠤᠳᠬᠤ | ᠪᠡᠯᠡ ᠮᠥᠩᠭᠦᠨ ᠤ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠵᠢᠯᠣᠭᠤᠳᠤᠯᠭ᠎ᠠ ᠬᠢᠬᠦ ᠶᠢ | ᠬᠠᠷᠢᠭᠤᠴᠠᠨ᠎ᠠ︔ ᠨᠥᠬᠦᠴᠡᠯ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠢᠯᠡ ᠪᠠᠷ ᠰᠣᠩᠭᠤᠨ | ᠲᠣᠭᠲᠠᠭᠠᠵᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠪᠣᠯᠭᠠᠨ᠎ᠠ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠤᠨ ᠡᠭᠦᠷᠭᠡ ᠬᠠᠷᠢᠭᠤᠴᠠᠯᠭ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠭᠰᠡᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ ᠢ ᠲᠠᠨᠢᠯᠴᠠᠭᠤᠯᠬᠤ ᠶᠢ ᠬᠠᠷᠢᠭᠤᠴᠠᠬᠤ ᠶᠢᠨ ᠬᠠᠮᠲᠤ | ᠂ ᠠᠶᠢᠮᠠᠭ ᠬᠤᠲᠠ ︹ ᠬᠤᠰᠢᠭᠤ ᠰᠢᠶᠠᠨ ︵ᠬᠤᠲᠠ᠂ ᠲᠣᠭᠤᠷᠢᠭ︶ ︺ ᠶᠢᠨ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠢ ᠵᠢᠭᠠᠨ ᠵᠢᠯᠤᠭᠤᠳᠴᠤ ᠪᠠᠶᠢᠭᠠᠳ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠵᠢᠯᠴᠠᠭᠤᠯᠵᠤ | ᠥᠪᠡᠷᠲᠡᠭᠡᠨ ᠵᠠᠰᠠᠬᠤ ᠣᠷᠣᠨ ᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠵᠢᠭᠡᠯᠡᠯᠭᠡ | ᠭᠤᠶᠤᠴᠢᠯᠠᠭᠰᠠᠨ ᠠᠵᠤ ᠠᠬᠤᠶᠢᠯᠠᠯ ᠤᠨ ᠲᠥᠷᠥᠯ ᠵᠦᠢᠯ ᠤᠨ ᠮᠠᠲ᠋ᠧᠷᠢᠶᠠᠯ ᠢ ᠲᠠᠨᠢᠯᠴᠠᠭᠤᠯᠤᠨ᠎ᠠ᠃ | ︵ᠭᠤᠷᠪᠠ︶ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ᠃ | ᠢᠯᠡ ᠪᠠᠷ᠂ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠯᠭᠠᠬᠤ ᠵᠠᠷᠴᠢᠮ ᠶᠣᠰᠣᠭᠠᠷ ᠬᠤᠷᠰᠢᠬᠤ | ᠪᠠᠩᠬᠢ ᠶᠢ ᠰᠣᠩᠭᠤᠬᠤ ᠶᠢᠨ ᠬᠠᠮᠲᠤ᠂ ᠬᠤᠷᠰᠢᠭᠰᠠᠨ ᠪᠠᠩᠬᠢ᠂ ᠵᠢᠭᠡᠯᠡᠯᠭᠡ ᠭᠤᠶᠤᠴᠢᠯᠠᠭᠰᠠᠨ ᠠᠵᠤ | ᠠᠬᠤᠶᠢᠯᠠᠯ ᠯᠤᠭ᠎ᠠ ᠶᠢᠨ ᠡᠳᠦᠷ ᠲᠤᠲᠤᠮ ᠤᠨ ᠨᠡᠪᠲᠡᠷᠡᠯᠴᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ | ᠭᠤᠣᠯᠳᠠᠭᠤ ᠠᠵᠤ ᠠᠬᠤᠶᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠡᠭᠦᠷᠭᠡ ᠲᠤᠰᠢᠶᠠᠯ ᠢᠶᠠᠨ ᠭᠦᠢᠴᠡᠳᠬᠡᠨ | ᠪᠠᠶᠢᠴᠠᠭᠠᠯᠲᠠ ᠬᠢᠬᠦ᠂ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ᠂ ᠣᠷᠣᠯᠠᠨ ᠲᠥᠯᠥᠬᠦ ᠪᠡᠯᠡ ᠮᠥᠩᠭᠦ ᠶᠢ | ᠬᠢᠨᠠᠨ ᠬᠠᠷᠭᠤᠭᠤᠯᠬᠤ ᠵᠢᠴᠢ ᠲᠦᠭᠰᠢᠭᠦᠷᠢ ᠶᠢ ᠰᠡᠷᠡᠮᠵᠢᠯᠡᠭᠦᠯᠬᠦ ᠲᠣᠭᠲᠠᠴᠠ ᠵᠡᠷᠭᠡ ᠪᠥᠬᠦ ᠴᠤᠪᠤᠷᠠᠯ ᠳᠤ | ᠴᠥᠷᠬᠡᠯᠡᠭᠰᠡᠨ ᠬᠠᠮᠢᠶᠠᠷᠤᠯᠲᠠ ᠬᠢᠬᠦ ᠶᠢ ᠬᠠᠷᠢᠭᠤᠴᠠᠨ᠎ᠠ︔ ᠬᠤᠷᠰᠢᠭᠰᠠᠨ ᠪᠠᠩᠬᠢ ᠯᠤᠭ᠎ᠠ ᠬᠠᠮᠵᠢᠯᠴᠠᠨ ᠪᠠᠩᠬᠢ ᠠᠵᠤ | ᠠᠬᠤᠶᠢᠯᠠᠯ ᠢ ᠰᠢᠭᠤᠳ ᠬᠤᠯᠪᠣᠬᠤ ᠰᠢᠰᠲ᠋ᠧᠮ ᠢ ᠪᠠᠶᠢᠭᠤᠯᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ | ᠰᠣᠩᠭᠤᠨ ᠲᠣᠭᠲᠠᠭᠠᠵᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ ᠬᠠᠳᠠᠭᠠᠯᠠᠯᠲᠠ ᠶᠢᠨ | ᠪᠠᠷᠠᠭ᠎ᠠ ᠳᠤ ᠬᠢᠨᠠᠯᠲᠠ ᠬᠠᠮᠢᠶᠠᠷᠤᠯᠲᠠ ᠬᠢᠯᠬᠡᠵᠦ᠂ ᠬᠤᠷᠰᠢᠭᠰᠠᠨ ᠪᠠᠩᠬᠢ ᠯᠤᠭ᠎ᠠ ᠬᠠᠮᠵᠢᠯᠴᠠᠨ ᠣᠯᠭᠤᠬᠤ ᠵᠣᠭᠤᠰ ᠤᠨ | ᠵᠦᠢᠯ ᠢ ᠬᠢᠨᠠᠨ ᠬᠠᠷᠭᠤᠭᠤᠯᠵᠤ᠂ ᠦᠬᠡᠷ ᠬᠤᠨᠢ ᠢᠮᠠᠭ᠎ᠠ ᠶᠢᠨ ᠲᠡᠵᠢᠭᠡᠯ ᠲᠣᠭᠠᠨ ᠳᠤ ᠣᠷᠣᠭᠤᠯᠤᠭᠰᠠᠨ ᠪᠠ ᠲᠡᠵᠢᠭᠡᠯ | ᠲᠣᠭᠠᠨ ᠠᠴᠠ ᠭᠠᠷᠭᠠᠭᠰᠠᠨ ᠵᠡᠷᠭᠡ ᠪᠠᠶᠢᠳᠠᠯ ᠢ ᠬᠠᠷᠭᠤᠭᠤᠯᠤᠨ ᠪᠠᠶᠢᠴᠠᠭᠠᠨ᠎ᠠ︔ ᠰᠠᠷ᠎ᠠ ᠪᠠᠷ ᠮᠡᠳᠡᠭᠦᠯᠬᠦ ᠳᠦᠷᠢᠮ᠂ | ᠠᠵᠤ ᠠᠬᠤᠶᠢᠯᠠᠯ ᠤᠨ ᠬᠠᠷ᠎ᠠ ᠳᠠᠩᠰᠠ ᠶᠢᠨ ᠳᠦᠷᠢᠮ ᠢ ᠪᠠᠶᠢᠭᠤᠯᠤᠨ᠎ᠠ᠃ | ︵ᠳᠥᠷᠪᠡ︶ ᠬᠤᠷᠰᠢᠭᠰᠠᠨ ᠪᠠᠩᠬᠢ ᠶᠢᠨ ᠡᠭᠦᠷᠭᠡ ᠬᠠᠷᠢᠭᠤᠴᠠᠯᠭ᠎ᠠ᠃ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠪᠠᠩᠬᠢ ᠪᠠ ᠠᠵᠤ ᠠᠬᠤᠶᠢᠯᠠᠯ ᠤᠨ ᠰᠢᠭᠤᠳ ᠬᠤᠯᠪᠣᠬᠤ | ᠰᠢᠰᠲ᠋ᠧᠮ ᠢ ᠪᠠᠶᠢᠭᠤᠯᠵᠤ᠂ ᠬᠥᠲᠥᠯᠥᠨ ᠵᠢᠯᠤᠭᠤᠳᠬᠤ ᠪᠡᠯᠡ ᠮᠥᠩᠭᠦᠨ ᠤ ᠮᠥᠩᠭᠦᠨ ᠭᠦᠢᠯᠭᠡᠭᠡᠨ ᠤ ᠨᠡᠷᠡᠳᠬᠦᠨ ᠢ | ᠰᠤᠳᠤᠯᠤᠨ ᠨᠡᠭᠡᠭᠡᠬᠦ᠂ ᠡᠭᠦᠷᠭᠡ ᠲᠤᠰᠢᠶᠠᠯ ᠢᠶᠠᠨ ᠭᠦᠢᠴᠡᠳᠬᠡᠨ ᠪᠠᠶᠢᠴᠠᠭᠠᠯᠲᠠ ᠬᠢᠬᠦ᠂ ᠵᠢᠭᠡᠯᠡᠯᠭᠡ ᠲᠠᠯᠪᠢᠬᠤ | ᠶᠠᠪᠤᠴᠠ ᠳᠤ ᠬᠢᠨᠠᠨ ᠬᠠᠷᠭᠤᠭᠤᠯᠬᠤ᠂ ᠵᠢᠭᠡᠯᠡᠯᠭᠡ ᠲᠠᠯᠪᠢᠭᠰᠠᠨ ᠤ ᠳᠠᠷᠠᠭᠠᠬᠢ ᠬᠠᠮᠢᠶᠠᠷᠤᠯᠲᠠ ᠶᠢ ᠬᠠᠷᠢᠭᠤᠴᠠᠨ᠎ᠠ︔ | ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠭᠤᠷᠪᠠᠳᠠᠭᠢ ᠡᠲᠡᠭᠡᠳ ᠤᠨ | ᠪᠠᠶᠢᠭᠤᠯᠤᠮᠵᠢ ᠶᠢ ᠰᠣᠩᠭᠤᠨ ᠲᠣᠭᠲᠠᠭᠠᠵᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ ᠪᠣᠯᠤᠭᠰᠠᠨ | ᠬᠠᠳᠠᠭᠠᠯᠠᠯᠲᠠ ᠶᠢᠨ ᠪᠠᠷᠠᠭ᠎ᠠ ᠳᠤ ᠬᠢᠨᠠᠯᠲᠠ ᠬᠠᠮᠢᠶᠠᠷᠤᠯᠲᠠ ᠬᠢᠨ᠎ᠡ︔ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ | ᠪᠠᠶᠢᠭᠤᠯᠤᠮᠵᠢ ᠲᠠᠢ ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠳᠤᠷᠠᠳᠤᠭᠰᠠᠨ ᠪᠡᠯᠡ ᠮᠥᠩᠭᠦ | ᠣᠯᠭᠤᠬᠤ ᠭᠤᠶᠤᠴᠢᠯᠠᠯ ᠢ ᠬᠢᠨᠠᠨ ᠬᠠᠷᠭᠤᠭᠤᠯᠵᠤ᠂ ᠦᠬᠡᠷ ᠬᠤᠨᠢ ᠢᠮᠠᠭ᠎ᠠ ᠶᠢᠨ ᠲᠡᠵᠢᠭᠡᠯ ᠲᠣᠭᠠᠨ ᠳᠤ | ᠣᠷᠣᠭᠤᠯᠤᠭᠰᠠᠨ ᠪᠠ ᠲᠡᠵᠢᠭᠡᠯ ᠲᠣᠭᠠᠨ ᠠᠴᠠ ᠭᠠᠷᠭᠠᠭᠰᠠᠨ ᠵᠡᠷᠭᠡ ᠪᠠᠶᠢᠳᠠᠯ ᠢ ᠬᠠᠷᠭᠤᠭᠤᠯᠤᠨ ᠪᠠᠶᠢᠴᠠᠭᠠᠨ᠎ᠠ︔ | ᠣᠷᠣᠯᠠᠨ ᠲᠥᠯᠥᠭᠰᠡᠨ ᠤ ᠳᠠᠷᠠᠭᠠᠬᠢ ᠨᠡᠬᠡᠮᠵᠢᠯᠡᠨ ᠬᠤᠷᠢᠶᠠᠬᠤ ᠪᠠ ᠲᠥᠯᠥᠪᠦᠷᠢ ᠶᠢ ᠨᠡᠬᠡᠮᠵᠢᠯᠡᠬᠦ ᠵᠡᠷᠭᠡ ᠠᠵᠢᠯ ᠢ | ᠬᠠᠷᠢᠭᠤᠴᠠᠨ᠎ᠠ᠃ | ᠳᠥᠷᠪᠡ᠂ ᠭᠤᠶᠤᠴᠢᠯᠠᠬᠤ ᠨᠥᠬᠦᠴᠡᠯ᠂ ᠴᠤᠪᠤᠷᠠᠯ ᠵᠢᠴᠢ ᠵᠢᠭᠡᠯᠡᠯᠭᠡ ᠲᠠᠯᠪᠢᠵᠤ ᠬᠡᠷᠡᠭᠯᠡᠬᠦ | ︵ᠨᠢᠭᠡ︶ ᠭᠤᠶᠤᠴᠢᠯᠠᠬᠤ ᠨᠥᠬᠦᠴᠡᠯ᠃ ᠬᠥᠲᠥᠯᠥᠨ ᠵᠢᠯᠤᠭᠤᠳᠬᠤ ᠪᠡᠯᠡ ᠮᠥᠩᠭᠦ ᠨᠢ ᠵᠠᠷᠴᠢᠮ ᠳᠡᠭᠡᠷ᠎ᠡ ᠪᠠᠨ | ᠥᠪᠡᠷᠲᠡᠭᠡᠨ ᠵᠠᠰᠠᠬᠤ ᠣᠷᠣᠨ ᠤ ᠬᠢᠯᠢ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠢᠶᠠᠷ ᠳᠠᠩᠰᠠᠯᠠᠭᠤᠯᠤᠭᠠᠳ ᠪᠦᠬᠦᠯᠢ 2 ᠵᠢᠯ ᠪᠣᠯᠤᠭᠰᠠᠨ᠂ ᠵᠢᠯ ᠤᠨ ᠪᠣᠷᠣᠯᠠᠭᠤᠯᠤᠯᠲᠠ ᠶᠢᠨ ᠨᠣᠷᠮ᠎ᠠ ᠨᠢ 1. | 5 ᠳ᠋ᠥᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠠᠯᠠᠰᠢᠨ ᠦᠬᠡᠷ ᠠᠯᠠᠰᠢᠨ ᠬᠤᠨᠢ ᠢᠮᠠᠭ᠎ᠠ ᠶᠢᠨ ᠡᠳ᠋ᠰᠢᠭᠦᠯᠬᠦ | ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠬᠥᠲᠥᠴᠢ ᠠᠵᠤ ᠠᠬᠤᠶᠢᠯᠠᠯ ᠢ ᠳᠡᠮᠵᠢᠨ᠎ᠡ᠃ | ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠨᠢ ᠳᠣᠣᠷᠠᠬᠢ ᠨᠥᠬᠦᠴᠡᠯ ᠢ ᠬᠠᠩᠭᠠᠬᠤ ᠬᠡᠷᠡᠭᠲᠡᠢ᠄ | 1. ᠪᠦᠭᠦ ᠡᠳ᠋ ᠬᠥᠷᠥᠩᠭᠡ ᠶᠢᠨ ᠬᠡᠪᠴᠢᠶ᠎ᠡ ᠨᠢ 3000 ᠲᠦᠮᠡᠨ ᠲᠥᠭᠦᠷᠢᠭ ᠠᠴᠠ ᠳᠡᠭᠡᠭᠰᠢ᠂ ᠲᠣᠭᠲᠠᠮᠠᠯ ᠡᠳ᠋ | ᠬᠥᠷᠥᠩᠭᠡ ᠶᠢᠨ ᠬᠡᠪᠴᠢᠶ᠎ᠡ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠬᠤ︔ | 2. ᠬᠤᠳᠠᠯᠳᠤᠭᠠᠨ ᠤ ᠵᠠᠭᠪᠤᠷ ᠨᠢ ᠲᠣᠳᠣᠷᠬᠠᠢ᠂ ᠣᠶᠢᠷ᠎ᠠ ᠶᠢᠨ ᠭᠤᠷᠪᠠᠨ ᠵᠢᠯ ᠳᠤ ᠦᠷᠭᠦᠯᠵᠢᠯᠡᠭᠰᠡᠨ | ᠠᠯᠳᠠᠭᠳᠠᠯ ᠪᠠᠶᠢᠬᠤ ᠦᠭᠡᠢ᠂ ᠠᠵᠤ ᠠᠬᠤᠶᠢᠯᠠᠯ ᠨᠢ ᠦᠷᠭᠦᠯᠵᠢᠯᠡᠨ ᠦᠢᠯᠡᠳᠪᠦᠷᠢᠯᠡᠵᠦ᠂ ᠬᠡᠪ ᠤᠨ ᠶᠣᠰᠣᠭᠠᠷ | ᠠᠵᠢᠯᠯᠠᠵᠤ ᠪᠠᠶᠢᠬᠤ ᠪᠥᠭᠡᠳ ᠬᠠᠤᠯᠢ ᠶᠢᠨ ᠡᠷᠬᠡᠲᠡᠨ ᠠᠴᠠ ᠵᠠᠰᠠᠬᠤ᠂ ᠡᠳ᠋ ᠤᠨ ᠶᠠᠪᠤᠳᠠᠯ᠂ ᠨᠢᠭᠲᠠᠯᠠᠨ ᠪᠤᠳᠤᠵᠤ | ᠲᠣᠭᠠᠴᠠᠭ᠎ᠠ ᠬᠢᠬᠦ ᠪᠦᠷᠢᠨ ᠲᠡᠭᠦᠯᠳᠡᠷ ᠳᠦᠷᠢᠮ ᠲᠠᠢ ᠪᠠᠶᠢᠬᠤ︔ | 3. ᠠᠵᠤ ᠠᠬᠤᠶᠢᠯᠠᠯ ᠵᠢᠴᠢ ᠲᠡᠭᠦᠨ ᠤ ᠬᠠᠤᠯᠢ ᠶᠢᠨ ᠡᠷᠬᠡᠲᠡᠨ ᠤ ᠲᠥᠯᠥᠭᠡᠯᠡᠭᠴᠢ᠂ ᠬᠤᠪᠢ ᠣᠷᠣᠭᠤᠯᠤᠭᠴᠢ᠂ | ᠪᠣᠳᠠᠲᠠᠢ ᠡᠵᠡᠮᠳᠡᠭᠴᠢ ᠪᠣᠯᠣᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠨᠢ ᠴᠥᠮ ᠢᠲᠡᠭᠡᠯ ᠬᠦᠨᠳᠦ ᠪᠠᠷ | ᠰᠠᠶᠢᠨ ᠪᠠᠶᠢᠵᠤ᠂ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠪᠠᠶᠢᠭᠤᠯᠭ᠎ᠠ᠂ ᠬᠠᠤᠯᠢ ᠴᠠᠭᠠᠵᠠ ᠶᠢᠨ | ᠪᠠᠶᠢᠭᠤᠯᠭ᠎ᠠ ᠠᠴᠠ ᠰᠢᠢᠳᠬᠡᠨ ᠲᠣᠷᠭᠠᠭᠰᠠᠨ ᠨᠥᠯᠥᠭᠡ ᠮᠠᠭᠤᠲᠠᠢ ᠲᠡᠮᠳᠡᠭᠯᠡᠯ ᠪᠠᠶᠢᠬᠤ ᠦᠭᠡᠢ᠂ ᠪᠠᠩᠬᠢ ᠶᠢᠨ ᠨᠥᠯᠥᠭᠡ | ᠮᠠᠭᠤᠲᠠᠢ ᠢᠲᠡᠭᠡᠮᠵᠢ ᠶᠢᠨ ᠲᠡᠮᠳᠡᠭᠯᠡᠯ ᠵᠢᠴᠢ ᠬᠠᠷ᠎ᠠ ᠳᠠᠩᠰᠠ ᠶᠢᠨ ᠲᠡᠮᠳᠡᠭᠯᠡᠯ ᠪᠠᠶᠢᠬᠤ ᠦᠭᠡᠢ︔ | 4. ᠲᠥᠷᠥᠯ ᠵᠦᠢᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠶᠢᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠳᠡᠮᠵᠢᠬᠦ ᠴᠢᠭᠯᠡᠯ ᠳᠤ ᠨᠡᠶᠢᠴᠡᠵᠦ᠂ ᠵᠣᠭᠤᠰ ᠵᠢᠭᠡᠯᠡᠬᠦ ᠬᠡᠷᠡᠭᠴᠡᠭᠡ ᠵᠢᠴᠢ ᠵᠣᠭᠤᠰ ᠢᠶᠠᠨ | ᠪᠤᠴᠠᠭᠠᠬᠤ ᠢᠷᠡᠯᠲᠡ ᠲᠣᠳᠣᠷᠬᠠᠢ ᠪᠥᠭᠡᠳ ᠬᠠᠤᠯᠢ ᠳᠤ ᠨᠡᠶᠢᠴᠡᠭᠰᠡᠨ ᠪᠠᠶᠢᠬᠤ᠃ | ︵ᠬᠤᠶᠠᠷ︶ ᠭᠤᠶᠤᠴᠢᠯᠠᠨ ᠮᠡᠳᠡᠭᠦᠯᠬᠦ ᠴᠤᠪᠤᠷᠠᠯ᠃ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠨᠢ | ᠬᠠᠷᠢᠶᠠᠯᠠᠭᠳᠠᠬᠤ ᠬᠠᠷᠢᠴᠠᠭ᠎ᠠ ᠪᠠᠷ ᠵᠡᠷᠭᠡ ᠳᠤ ᠨᠢ ᠬᠠᠷᠢᠶ᠎ᠠ ᠪᠦᠬᠦᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠰᠠᠯᠠᠭ᠎ᠠ ᠮᠥᠴᠢᠷ ᠵᠢᠴᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠰᠠᠯᠠᠭ᠎ᠠ ᠮᠥᠴᠢᠷ ᠲᠠᠢ ᠬᠠᠮᠲᠤᠷᠠᠨ 3 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠨ | ᠮᠡᠳᠡᠭᠦᠯᠦᠭᠰᠡᠨ ᠲᠥᠷᠥᠯ ᠵᠦᠢᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠶᠢᠮᠠᠭ ᠬᠤᠲᠠ ᠶᠢᠨ ᠡᠳ᠋ ᠤᠨ ᠵᠠᠰᠠᠭ | ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠤ | ᠲᠤᠰᠢᠶᠠᠬᠤ ᠬᠡᠷᠡᠭᠲᠡᠢ᠃ ᠠᠶᠢᠮᠠᠭ ᠬᠤᠲᠠ ᠶᠢᠨ ᠡᠳ᠋ ᠤᠨ ᠵᠠᠰᠠᠭ ᠪᠣᠯᠣᠨ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠢᠨᠠᠨ | ᠬᠠᠷᠭᠤᠭᠤᠯᠤᠭᠰᠠᠨ ᠰᠠᠨᠠᠯ ᠢᠶᠠᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ | ᠬᠢᠨᠠᠨ ᠬᠠᠷᠭᠤᠭᠤᠯᠬᠤ ᠬᠡᠷᠡᠭᠲᠡᠢ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ | ᠭᠤᠶᠤᠴᠢᠯᠠᠬᠤ ᠠᠵᠤ ᠠᠬᠤᠶᠢᠯᠠᠯ ᠤᠨ ᠲᠤᠰᠢᠶᠠᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠳᠤᠰᠤᠭᠰᠠᠨ ᠤ | ᠳᠠᠷᠠᠭ᠎ᠠ ᠳᠠᠷᠤᠢ ᠳᠤ ᠨᠢ ᠬᠤᠷᠰᠢᠭᠰᠠᠨ ᠪᠠᠩᠬᠢ ᠲᠠᠢ ᠬᠠᠮᠲᠤᠷᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ | ᠪᠠᠶᠢᠴᠠᠭᠠᠯᠲᠠ ᠬᠢᠬᠦ ᠶᠢᠨ ᠬᠠᠮᠲᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠯᠲᠠ ᠶᠢᠨ ᠮᠡᠳᠡᠭᠦᠯᠦᠯᠲᠡ | ᠭᠠᠷᠭᠠᠬᠤ ᠬᠡᠷᠡᠭᠲᠡᠢ᠃ ᠠᠩᠬᠠᠨ ᠤ ᠬᠢᠨᠠᠯᠲᠠ ᠪᠠᠷ ᠳᠡᠮᠵᠢᠨ ᠵᠢᠭᠡᠯᠡᠯᠭᠡ ᠵᠢᠭᠡᠯᠡᠬᠦ ᠨᠥᠬᠦᠴᠡᠯ ᠳᠤ ᠨᠡᠶᠢᠴᠡᠭᠰᠡᠨ ᠪᠥᠭᠡᠳ | ᠠᠶᠢᠮᠠᠭ ᠬᠤᠲᠠ ︹ ᠬᠤᠰᠢᠭᠤ ᠰᠢᠶᠠᠨ ︵ᠬᠤᠲᠠ᠂ ᠲᠣᠭᠤᠷᠢᠭ︶ ︺ ᠶᠢᠨ ᠡᠳ᠋ ᠤᠨ ᠵᠠᠰᠠᠭ ᠪᠣᠯᠣᠨ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠵᠢᠭᠡᠯᠡᠯᠭᠡ ᠵᠢᠭᠡᠯᠡᠬᠦ ᠶᠢ | ᠵᠥᠪᠰᠢᠶᠡᠷᠡᠭᠰᠡᠨ ᠪᠠᠶᠢᠪᠠᠯ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ | ᠭᠤᠶᠤᠴᠢᠯᠠᠬᠤ ᠠᠵᠤ ᠠᠬᠤᠶᠢᠯᠠᠯ ᠳᠤ 3 ᠡᠳᠦᠷ ᠤᠨ ᠳᠣᠲᠣᠷ᠎ᠠ ᠬᠢᠨᠠᠵᠤ ᠵᠢᠭᠡᠯᠡᠭᠦᠯᠬᠦ ᠵᠣᠭᠤᠰᠤᠨ ᠤ ᠲᠤᠭ᠎ᠠ ᠶᠢᠨ | 10% ᠪᠠᠷ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠮᠡᠳᠡᠭᠳᠡᠵᠦ᠂ ᠬᠠᠷᠢᠶ᠎ᠠ ᠠᠶᠢᠮᠠᠭ ᠬᠤᠲᠠ | ︹ ᠬᠤᠰᠢᠭᠤ ᠰᠢᠶᠠᠨ ︵ᠬᠤᠲᠠ᠂ ᠲᠣᠭᠤᠷᠢᠭ︶ ︺ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ 3 | ᠡᠳᠦᠷ ᠤᠨ ᠳᠣᠲᠣᠷ᠎ᠠ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠲᠤᠰᠢᠶᠠᠭᠰᠠᠨ ᠪᠠᠲᠤᠯᠠᠭ᠎ᠠ ᠶᠢᠨ ᠮᠥᠩᠭᠦᠨ ᠤ | 1:0.5 ᠪᠠᠷ ᠲᠥᠬᠦᠷᠵᠢᠭᠦᠯᠬᠦ ᠶᠢ ᠮᠡᠳᠡᠭᠳᠡᠬᠦ ᠬᠡᠷᠡᠭᠲᠡᠢ᠃ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠪᠣᠯᠣᠨ | ᠬᠠᠷᠢᠶ᠎ᠠ ᠠᠶᠢᠮᠠᠭ ᠬᠤᠲᠠ ︹ᠬᠤᠰᠢᠭᠤ ᠰᠢᠶᠠᠨ ︵ᠬᠤᠲᠠ᠂ ᠲᠣᠭᠤᠷᠢᠭ︶ ︺ ᠶᠢᠨ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠪᠠᠨ ᠭᠦᠢᠴᠡᠳ ᠲᠤᠰᠢᠶᠠᠭᠰᠠᠨ ᠤ ᠳᠠᠷᠠᠭ᠎ᠠ᠂ ᠲᠥᠷᠥᠯ | ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠭᠦᠢᠴᠡᠳᠬᠡᠵᠦ᠂ ᠳᠡᠮᠵᠢᠬᠦ ᠪᠠᠷ ᠪᠠᠶᠢᠭ᠎ᠠ | ᠲᠥᠷᠥᠯ ᠵᠦᠢᠯ ᠢᠶᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ | ᠬᠡᠷᠡᠭᠲᠡᠢ᠃ | ︵ᠭᠤᠷᠪᠠ︶ ᠵᠢᠭᠡᠯᠡᠯᠭᠡ ᠲᠠᠯᠪᠢᠬᠤ᠃ | 1. ᠵᠢᠭᠡᠯᠡᠯᠭᠡ ᠲᠠᠯᠪᠢᠬᠤ ᠠᠴᠠ ᠡᠮᠦᠨᠡᠬᠢ ᠪᠠᠶᠢᠴᠠᠭᠠᠯᠲᠠ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠬᠤᠷᠰᠢᠭᠰᠠᠨ ᠪᠠᠩᠬᠢ ᠲᠠᠢ ᠪᠠᠨ ᠬᠠᠮᠲᠤᠷᠠᠨ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠳᠤ | ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠯᠲᠠ ᠬᠢᠬᠦ ᠶᠢᠨ ᠬᠠᠮᠲᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ | ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠬᠤ ᠬᠡᠷᠡᠭᠲᠡᠢ᠃ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ | ᠦᠨᠳᠦᠰᠦᠨ ᠪᠠᠶᠢᠳᠠᠯ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ | ᠵᠠᠬ᠎ᠠ ᠳᠡᠯᠭᠡᠭᠦᠷ ᠤᠨ ᠪᠠᠶᠢᠳᠠᠯ᠂ ᠬᠤᠯᠪᠣᠭᠳᠠᠬᠤ ᠠᠵᠤ ᠠᠬᠤᠶᠢᠯᠠᠯ ᠵᠢᠴᠢ ᠬᠤᠯᠪᠣᠭᠳᠠᠬᠤ ᠠᠷᠠᠯᠵᠢᠶᠠᠨ ᠤ ᠪᠠᠶᠢᠳᠠᠯ᠂ | ᠥᠪᠡᠷ ᠤᠨ ᠬᠢᠨᠢ ᠪᠡᠯᠡ ᠮᠥᠩᠭᠦ ᠶᠢ ᠨᠢ ᠬᠢᠨᠠᠨ ᠬᠠᠷᠭᠤᠭᠤᠯᠬᠤ᠂ ᠲᠥᠭᠰᠢᠭᠦᠷᠢᠲᠦ ᠬᠥᠷᠥᠩᠭᠡ ᠶᠢᠨ ᠲᠤᠭ᠎ᠠ | ᠬᠡᠮᠵᠢᠶ᠎ᠡ ᠶᠢ ᠲᠥᠰᠥᠭᠡᠯᠡᠨ ᠪᠤᠳᠤᠬᠤ᠂ ᠵᠢᠭᠡᠯᠡᠯᠭᠡ ᠶᠢᠨ ᠲᠥᠷᠥᠯ ᠵᠦᠢᠯ ᠤᠨ ᠪᠠᠶᠢᠳᠠᠯ ᠵᠢᠴᠢ ᠵᠣᠭᠤᠰ ᠢᠶᠠᠨ ᠲᠥᠯᠥᠬᠦ | ᠲᠥᠰᠥᠯ ᠵᠡᠷᠭᠡ ᠠᠭᠤᠯᠭ᠎ᠠ ᠪᠠᠭᠲᠠᠬᠤ ᠪᠣᠯᠪᠠᠴᠤ ᠡᠳᠡᠭᠡᠷ ᠲᠤ ᠯᠠ ᠬᠢᠵᠠᠭᠠᠠᠷᠯᠠᠭᠳᠠᠬᠤ ᠦᠭᠡᠢ᠃ | 2. ᠬᠤᠭᠤᠴᠠᠭ᠎ᠠ ᠬᠢᠵᠠᠭᠠᠷ᠂ ᠲᠤᠭ᠎ᠠ ᠬᠡᠮᠵᠢᠶ᠎ᠡ᠂ ᠬᠦᠦ ᠶᠢᠨ ᠨᠤᠷᠮ᠎ᠠ ᠬᠢᠭᠡᠳ ᠳᠠᠮ ᠬᠦᠦ᠃ ᠵᠢᠭᠡᠯᠡᠯᠭᠡ ᠶᠢᠨ | ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ 1 ᠵᠢᠯ ᠠᠴᠠ ᠬᠡᠲᠦᠷᠡᠭᠦᠯᠬᠦ ᠦᠭᠡᠢ᠂ ᠲᠤᠭ᠎ᠠ ᠬᠡᠮᠵᠢᠶ᠎ᠡ ᠶᠢ ᠵᠠᠷᠴᠢᠮ | ᠳᠡᠭᠡᠷ᠎ᠡ ᠪᠠᠨ ᠡᠷᠦᠬᠡ ᠨᠢᠭᠡᠪᠦᠷᠢ ᠶᠢ 1 ᠳ᠋ᠥᠩᠰᠢᠭᠤᠷ ᠲᠥᠭᠦᠷᠢᠭ ᠠᠴᠠ ᠬᠡᠲᠦᠷᠡᠭᠦᠯᠬᠦ ᠦᠭᠡᠢ᠃ ᠠᠵᠤ | ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠨᠢ ᠪᠠᠭᠤᠷᠠᠭᠤᠯᠵᠤ᠂ ᠪᠡᠯᠡ ᠲᠣᠬᠢᠷᠠᠭᠤᠯᠬᠤ ᠳᠤ | ᠦᠨᠡᠲᠡᠢ ᠪᠠᠶᠢᠬᠤ ᠠᠰᠠᠭᠤᠳᠠᠯ ᠢ ᠨᠠᠮᠳᠠᠭᠤᠯᠬᠤ ᠶᠢᠨ ᠲᠤᠰᠠᠳᠠ᠂ ᠬᠤᠷᠰᠢᠭᠰᠠᠨ ᠪᠠᠩᠬᠢ ᠠᠴᠠ ᠵᠢᠭᠡᠯᠡᠯᠭᠡ ᠶᠢᠨ | ᠬᠦᠦ ᠶᠢᠨ ᠨᠣᠷᠮ᠎ᠠ ᠶᠢᠨ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠨᠢ ᠠᠷᠠᠳ ᠤᠨ ᠪᠠᠩᠬᠢ ᠠᠴᠠ ᠨᠡᠶᠢᠲᠡᠯᠡᠭᠰᠡᠨ ᠲᠤᠰ ᠬᠤᠭᠤᠴᠠᠭᠠᠨ ᠤ LPR ᠤᠨ 50 % ᠪᠠᠷ ᠳᠠᠮ ᠬᠦᠦ | ᠣᠯᠭᠤᠨ᠎ᠠ᠃ | 3. ᠵᠢᠭᠡᠯᠡᠯᠭᠡ ᠲᠠᠯᠪᠢᠬᠤ᠃ ᠵᠢᠭᠡᠯᠡᠯᠭᠡ ᠶᠢ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠬᠤᠷᠰᠢᠭᠰᠠᠨ ᠪᠠᠩᠬᠢ ᠨᠢ | ᠵᠢᠭᠡᠯᠡᠯᠭᠡ ᠶᠢᠨ ᠠᠵᠤ ᠠᠬᠤᠶᠢᠯᠠᠯ ᠯᠤᠭ᠎ᠠ ᠬᠠᠮᠢᠶ᠎ᠠ ᠪᠦᠬᠦᠢ ᠭᠡᠷ᠎ᠡ ᠲᠣᠭᠲᠠᠵᠤ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ | ᠬᠤᠭᠤᠴᠠᠭ᠎ᠠ ᠬᠢᠵᠠᠭᠠᠷ᠂ ᠬᠦᠦ ᠶᠢᠨ ᠨᠣᠷᠮ᠎ᠠ᠂ ᠬᠡᠷᠡᠭᠴᠡᠭᠡ᠂ ᠵᠣᠭᠤᠰ ᠢᠶᠠᠨ ᠲᠥᠯᠥᠬᠦ ᠪᠠᠲᠤᠯᠠᠭ᠎ᠠ ᠵᠢᠴᠢ | ᠲᠦᠭᠰᠢᠭᠦᠷᠢ ᠶᠢ ᠰᠢᠢᠳᠪᠦᠷᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠬᠤᠷᠰᠢᠭᠰᠠᠨ ᠪᠠᠩᠬᠢ | ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠪᠣᠯᠵᠣᠨ ᠲᠣᠭᠲᠠᠭᠰᠠᠨ ᠵᠣᠭᠤᠰ ᠭᠠᠷᠭᠠᠵᠤ ᠠᠪᠬᠤ ᠨᠥᠬᠦᠴᠡᠯ ᠢ | ᠬᠠᠩᠭᠠᠬᠤ ᠶᠢ ᠨᠢ ᠬᠢᠨᠠᠨ ᠪᠠᠶᠢᠴᠠᠭᠠᠭᠰᠠᠨ ᠤ ᠳᠠᠷᠠᠭ᠎ᠠ᠂ ᠪᠣᠯᠵᠣᠨ ᠲᠣᠭᠲᠠᠭᠰᠠᠨ ᠭᠡᠷ᠎ᠡ ᠶᠣᠰᠣᠭᠠᠷ ᠵᠢᠭᠡᠯᠡᠯᠭᠡ ᠪᠠᠨ | ᠴᠠᠭ ᠲᠤᠬᠠᠢ ᠳᠤ ᠨᠢ ᠲᠠᠯᠪᠢᠵᠤ᠂ ᠵᠢᠭᠡᠯᠡᠯᠭᠡ ᠶᠢᠨ ᠪᠡᠯᠡ ᠮᠥᠩᠭᠦ ᠶᠢ ᠵᠢᠭᠡᠯᠡᠯᠭᠡ ᠶᠢᠨ ᠳᠠᠩᠰᠠᠨ ᠡᠷᠦᠭᠡ ᠳᠤ | ᠣᠷᠣᠭᠤᠯᠤᠨ ᠲᠣᠭᠠᠴᠠᠭ᠎ᠠ ᠬᠢᠵᠦ᠂ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ | ᠪᠠᠩᠬᠢ ᠯᠤᠭ᠎ᠠ ᠵᠢᠭᠡᠯᠡᠯᠭᠡ ᠶᠢᠨ ᠳᠠᠩᠰᠡᠨ ᠡᠷᠦᠭᠡ ᠶᠢ ᠪᠦᠬᠦ ᠶᠠᠪᠤᠴᠠ ᠳᠤ ᠨᠢ ᠬᠢᠨᠠᠨ ᠡᠵᠡᠮᠳᠡᠬᠦ ᠬᠡᠷᠡᠭᠲᠡᠢ᠃ | ᠲᠠᠪᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ︵ᠨᠢᠭᠡ︶ ᠪᠥᠬᠦ ᠴᠤᠪᠤᠷᠠᠯ ᠳᠤ ᠴᠥᠷᠬᠡᠯᠡᠨ ᠬᠠᠮᠢᠶᠠᠷᠬᠤ᠃ | 1. ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠷᠰᠢᠭᠰᠠᠨ ᠪᠠᠩᠬᠢ ᠯᠤᠭ᠎ᠠ ᠪᠠᠩᠬᠢ ᠠᠵᠤ ᠠᠬᠤᠶᠢᠯᠠᠯ ᠤᠨ ᠰᠢᠭᠤᠳ | ᠬᠤᠯᠪᠣᠬᠤ ᠰᠢᠰᠲ᠋ᠧᠮ ᠢ ᠪᠠᠶᠢᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠬᠤᠷᠰᠢᠭᠰᠠᠨ ᠪᠠᠩᠬᠢ ᠳᠤ | ᠵᠢᠭᠡᠯᠡᠯᠭᠡ ᠶᠢᠨ ᠳᠠᠩᠰᠠᠨ ᠡᠷᠦᠬᠡ᠂ ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠬᠦᠦ ᠳᠠᠩᠰᠡᠨ | ᠡᠷᠦᠬᠡ ᠨᠡᠭᠡᠭᠡᠵᠦ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠡᠷᠬᠡ ᠣᠯᠭᠤᠯᠲᠠ ᠶᠢ ᠣᠯᠣᠭᠰᠠᠨ ᠤ | ᠳᠠᠷᠠᠭ᠎ᠠ᠂ ᠳᠡᠭᠡᠷ᠎ᠡ ᠳᠤᠷᠠᠳᠤᠭᠰᠠᠨ ᠳᠠᠩᠰᠠᠨ ᠡᠷᠦᠬᠡ ᠪᠠᠨ ᠪᠠᠩᠬᠢ ᠠᠵᠤ ᠠᠬᠤᠶᠢᠯᠠᠯ ᠤᠨ ᠰᠢᠭᠤᠳ ᠬᠤᠯᠪᠣᠬᠤ | ᠰᠢᠰᠲ᠋ᠧᠮ ᠳᠤ ᠣᠷᠣᠭᠤᠯᠵᠤ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ | ᠲᠣᠭᠲᠠᠯᠴᠠᠭ᠎ᠠ ᠶᠢ ᠪᠠᠶᠢᠭᠤᠯᠬᠤ ᠪᠠᠨ ᠪᠡᠶᠡᠯᠡᠭᠦᠯᠦᠨ᠎ᠡ᠃ | 2. ᠬᠠᠳᠠᠭᠠᠯᠠᠭᠰᠠᠨ ᠪᠠᠷᠠᠭ᠎ᠠ ᠶᠢᠨ ᠬᠠᠮᠢᠶᠠᠷᠤᠯᠲᠠ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠬᠤᠷᠰᠢᠭᠰᠠᠨ ᠪᠠᠩᠬᠢ ᠲᠠᠢ ᠬᠠᠮᠲᠤᠷᠠᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ | ᠭᠤᠷᠪᠠᠳᠠᠭᠢ ᠡᠲᠡᠭᠡᠳ ᠤᠨ ᠪᠠᠶᠢᠭᠤᠯᠤᠮᠵᠢ ᠯᠤᠭ᠎ᠠ ︽ᠬᠠᠳᠠᠭᠠᠯᠠᠭᠰᠠᠨ ᠪᠠᠷᠠᠭ᠎ᠠ ᠶᠢ ᠨᠠᠶᠢᠳᠠᠵᠤ ᠬᠢᠨᠠᠨ | ᠬᠠᠮᠢᠶᠠᠷᠤᠭᠤᠯᠬᠤ ᠵᠥᠪᠯᠡᠯᠴᠡᠭᠡᠷ︾ ᠲᠣᠭᠲᠠᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ | ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠢᠨ ᠬᠤᠷᠰᠢᠭᠰᠠᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ | ᠪᠡᠯᠡ ᠮᠥᠩᠭᠦ ᠶᠢ ᠬᠡᠷᠡᠭᠯᠡᠭᠡᠳ ᠪᠤᠢ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠳᠤ 24 ᠴᠠᠭ ᠲᠠᠰᠤᠯᠳᠠᠭᠤᠯᠤᠯ | ᠦᠭᠡᠢ ᠪᠠᠷ ᠬᠢᠨᠠᠨ ᠡᠵᠡᠮᠳᠡᠵᠦ ᠬᠠᠮᠢᠶᠠᠷᠤᠨ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ ᠵᠢᠴᠢ ᠪᠣᠯᠵᠣᠭᠰᠠᠨ ᠠᠴᠠ | ᠵᠥᠷᠢᠴᠡᠬᠦ ᠵᠦᠢᠯ ᠵᠤᠷᠪᠤᠰ ᠤᠳ ᠢ ᠴᠥᠮ ᠳᠡᠭᠡᠷ᠎ᠡ ᠳᠤᠷᠠᠳᠤᠭᠰᠠᠨ ᠵᠥᠪᠯᠡᠯᠴᠡᠭᠡᠷ ᠲᠤ ᠨᠠᠷᠢᠨ ᠪᠣᠯᠵᠣᠨ ᠲᠣᠭᠲᠠᠬᠤ | ᠬᠡᠷᠡᠭᠲᠡᠢ᠂ ᠡᠭᠦᠨ ᠳᠤ᠂ ᠬᠢᠨᠠᠨ ᠡᠵᠡᠮᠳᠡᠵᠦ ᠬᠠᠮᠢᠶᠠᠷᠬᠤ ᠠᠭᠤᠯᠭ᠎ᠠ ᠳᠤ ᠳᠣᠣᠷᠠᠬᠢ ᠬᠡᠳᠦᠨ ᠲᠠᠯ᠎ᠠ ᠪᠠᠭᠲᠠᠬᠤ | ᠪᠣᠯᠪᠠᠴᠤ ᠡᠳᠡᠭᠡᠷ ᠲᠤ ᠯᠡ ᠬᠢᠵᠠᠭᠠᠷᠯᠠᠭᠳᠠᠬᠤ ᠦᠭᠡᠢ᠄ | ︵1︶ ᠬᠠᠳᠠᠭᠠᠯᠠᠭᠰᠠᠨ ᠪᠠᠷᠠᠭ᠎ᠠ ᠶᠢ ᠬᠠᠷᠭᠤᠭᠤᠯᠤᠨ ᠪᠠᠶᠢᠴᠠᠭᠠᠬᠤ᠃ ᠬᠤᠳᠠᠯᠳᠤᠨ ᠠᠪᠬᠤ ᠲᠤᠬᠠᠶᠢᠯᠠᠭᠰᠠᠨ | ᠠᠵᠢᠯ ᠳᠠᠭᠤᠰᠤᠭᠰᠠᠨ ᠤ ᠳᠠᠷᠠᠭ᠎ᠠ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠠᠴᠠ ᠵᠢᠭᠡᠯᠡᠯᠭᠡ ᠭᠤᠶᠤᠴᠢᠯᠠᠬᠤ | ᠠᠵᠤ ᠠᠬᠤᠶᠢᠯᠠᠯ ᠤᠨ ᠬᠠᠳᠠᠭᠠᠯᠠᠭᠰᠠᠨ ᠪᠠᠷᠠᠭᠠᠨ ᠤ ᠬᠢᠨᠢ ᠪᠠᠶᠢᠳᠠᠯ ᠳᠤ ᠬᠠᠷᠭᠤᠭᠤᠯᠤᠨ ᠪᠠᠶᠢᠴᠠᠭᠠᠯᠲᠠ ᠬᠢᠬᠦ ᠶᠢᠨ | ᠬᠠᠮᠲᠤ ᠲᠡᠮᠳᠡᠭ ᠲᠠᠯᠪᠢᠵᠤ᠂ ᠬᠠᠳᠠᠭᠠᠯᠠᠭᠰᠠᠨ ᠪᠠᠷᠠᠭ᠎ᠠ ᠪᠠ ᠵᠢᠭᠡᠯᠡᠯᠭᠡ ᠶᠢᠨ ᠨᠢᠭᠡᠳᠦᠯᠲᠡᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠵᠢᠭᠡᠯᠡᠯᠭᠡ ᠭᠤᠶᠤᠴᠢᠯᠠᠬᠤ ᠠᠵᠤ ᠠᠬᠤᠶᠢᠯᠠᠯ ᠤᠨ ᠨᠢᠭᠲᠠᠯᠠᠨ ᠪᠤᠳᠤᠬᠤ | ᠲᠠᠩᠰᠠ᠂ ᠬᠥᠮᠥᠷᠭᠡᠯᠡᠨ ᠬᠠᠳᠠᠭᠠᠯᠠᠨ ᠬᠠᠮᠢᠶᠠᠷᠴᠤ ᠪᠠᠶᠢᠭ᠎ᠠ ᠲᠠᠩᠰᠠ ᠬᠠᠷ᠎ᠠ ᠪᠠ ᠲᠤᠭ᠎ᠠ ᠪᠦᠷᠢᠳᠬᠡᠯ ᠤᠨ ᠲᠠᠩᠰᠠ ᠶᠢ | ᠬᠠᠷᠭᠤᠭᠤᠯᠵᠤ᠂ ᠬᠠᠳᠠᠭᠠᠯᠠᠭᠰᠠᠨ ᠪᠠᠷᠠᠭ᠎ᠠ ᠪᠠ ᠵᠢᠭᠡᠯᠡᠯᠭᠡ ᠨᠢ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︵2︶ ᠬᠠᠳᠠᠭᠠᠯᠠᠭᠰᠠᠨ ᠪᠠᠷᠠᠭ᠎ᠠ ᠶᠢ ᠬᠢᠨᠠᠨ ᠬᠠᠮᠢᠶᠠᠷᠬᠤ᠃ ᠬᠠᠳᠠᠭᠠᠯᠠᠭᠰᠠᠨ ᠪᠠᠷᠠᠭ᠎ᠠ ᠶᠢ ᠬᠢᠨᠠᠨ ᠬᠠᠮᠢᠶᠠᠷᠬᠤ ᠳᠤ | ᠲᠤᠬᠠᠢ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ ᠪᠠ ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ | ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠠᠪᠴᠠᠯ ᠢ ᠠᠪᠤᠨ᠎ᠠ᠃ | ᠲᠤᠬᠠᠢ ᠶᠢᠨ ᠲᠠᠯᠠᠪᠤᠷ ᠤᠨ ᠬᠢᠨᠠᠯᠲᠠ ᠬᠠᠮᠢᠶᠠᠷᠤᠯᠲᠠ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ | ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠢᠨ ᠬᠤᠷᠰᠢᠭᠰᠠᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ | ᠪᠡᠯᠡ ᠮᠥᠩᠭᠦ ᠶᠢ ᠬᠡᠷᠡᠭᠯᠡᠭᠡᠳ ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠶᠢ ᠪᠦᠭᠦᠨ ᠢᠶᠠᠷ ᠨᠢ ᠬᠠᠷᠭᠤᠭᠤᠯᠤᠨ | ᠪᠠᠶᠢᠴᠠᠭᠠᠬᠤ ᠬᠡᠪᠴᠢᠶᠡᠨ ᠳᠤ ᠪᠠᠨ ᠣᠷᠣᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ | ᠬᠠᠳᠠᠭᠠᠯᠠᠭᠰᠠᠨ ᠪᠠᠷᠠᠭᠠᠨ ᠤ ᠲᠥᠷᠥᠯ ᠵᠦᠢᠯ᠂ ᠲᠤᠭ᠎ᠠ ᠬᠡᠮᠵᠢᠶ᠎ᠡ᠂ ᠶᠠᠰᠤ ᠴᠢᠨᠠᠷ᠂ ᠥᠪᠡᠷ ᠤᠨ ᠥᠷᠲᠡᠭ ᠵᠢᠴᠢ | ᠬᠤᠪᠢᠷᠠᠯᠲᠠ ᠶᠢᠨ ᠪᠠᠶᠢᠳᠠᠯ ᠢ ᠨᠢ ᠡᠵᠡᠮᠰᠢᠬᠦ ᠬᠡᠷᠡᠭᠲᠡᠢ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ ᠵᠢᠭᠡᠯᠡᠯᠭᠡ | ᠭᠤᠶᠤᠴᠢᠯᠠᠭᠰᠠᠨ ᠠᠵᠤ ᠠᠬᠤᠶᠢᠯᠠᠯ ᠤᠨ ᠬᠢᠨ ᠤ ᠬᠠᠳᠠᠭᠠᠯᠠᠭᠰᠠᠨ ᠪᠠᠷᠠᠭ᠎ᠠ ᠳᠤ ᠲᠤᠬᠠᠢ ᠶᠢᠨ ᠲᠠᠯᠠᠪᠤᠷ ᠤᠨ ᠬᠢᠨᠠᠯᠲᠠ | ᠬᠠᠮᠢᠶᠠᠷᠤᠯᠲᠠ ᠬᠢᠵᠦ᠂ ᠭᠠᠷᠠᠭ ᠪᠦᠷᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠬᠤᠷᠰᠢᠭᠰᠠᠨ | ᠪᠠᠩᠬᠢ ᠳᠤ ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠪᠠᠨ ᠮᠡᠳᠡᠭᠦᠯᠦᠨ ᠬᠦᠷᠭᠡᠵᠦ᠂ ᠬᠠᠳᠠᠭᠠᠯᠠᠭᠰᠠᠨ ᠪᠠᠷᠠᠭ᠎ᠠ ᠶᠢᠨ | ᠲᠤᠬᠠᠢ ᠶᠢᠨ ᠴᠠᠭ ᠤᠨ ᠬᠤᠪᠢᠷᠠᠯᠲᠠ ᠶᠢᠨ ᠪᠠᠶᠢᠳᠠᠯ ᠢ ᠳᠠᠩᠰᠠᠯᠠᠨ ᠲᠡᠮᠳᠡᠭᠯᠡᠬᠦ ᠠᠵᠢᠯ ᠢᠶᠠᠨ ᠰᠠᠶᠢᠲᠤᠷ ᠬᠢᠵᠦ᠂ | ᠬᠡᠪ ᠤᠨ ᠪᠤᠰᠤ ᠪᠠᠶᠢᠳᠠᠯ ᠵᠡᠷᠭᠡ ᠴᠢᠬᠤᠯᠠ ᠶᠡᠭᠡ ᠵᠦᠢᠯᠡᠰ ᠢ ᠣᠯᠵᠤ ᠮᠡᠳᠡᠪᠡᠯ᠂ ᠴᠠᠭ ᠲᠤᠬᠠᠢ ᠳᠤ ᠨᠢ ᠮᠡᠳᠡᠭᠦᠯᠦᠨ | ᠬᠦᠷᠭᠡᠬᠦ ᠶᠢᠨ ᠬᠠᠮᠲᠤ ᠵᠣᠬᠢᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ᠃ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠨᠢ | ᠲᠣᠭᠲᠠᠮᠠᠯ ᠬᠤᠭᠤᠴᠠᠭ᠎ᠠ ᠲᠠᠢ ᠪᠠᠷ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠨᠢᠭᠲᠠᠯᠠᠨ ᠪᠣᠳᠣᠬᠤ᠂ | ᠲᠤᠭ᠎ᠠ ᠪᠦᠷᠢᠳᠬᠡᠯ᠂ ᠬᠠᠳᠠᠭᠠᠯᠠᠨ ᠬᠠᠮᠢᠶᠠᠷᠬᠤ ᠳᠠᠩᠰᠠ ᠬᠠᠷ᠎ᠠ ᠪᠠ ᠥᠪᠡᠷ ᠤᠨ ᠬᠢᠨ ᠪᠦᠷᠢᠳᠬᠡᠭᠰᠡᠨ ᠲᠤᠭ᠎ᠠ | ᠪᠠᠷᠢᠮᠲᠠ ᠪᠠᠷ ᠦᠨᠳᠦᠰᠦᠯᠡᠯ ᠪᠣᠯᠭᠠᠵᠤ᠂ ᠪᠣᠳᠠᠲᠠᠢ ᠬᠠᠳᠠᠭᠠᠯᠠᠭᠰᠠᠨ ᠪᠠᠷᠠᠭ᠎ᠠ ᠶᠢ ᠬᠤᠷᠰᠢᠭᠰᠠᠨ ᠪᠠᠩᠬᠢ ᠯᠤᠭ᠎ᠠ | ᠬᠠᠷᠭᠤᠭᠤᠯᠵᠤ᠂ ᠪᠠᠩᠬᠢ ᠪᠠ ᠠᠵᠤ ᠠᠬᠤᠶᠢᠯᠠᠯ ᠤᠨ ᠳᠠᠩᠰᠠ ᠪᠦᠷᠢ ᠨᠢ ᠬᠠᠷᠢᠯᠴᠠᠨ ᠨᠡᠶᠢᠴᠡᠬᠦ᠂ ᠠᠵᠤ | ᠠᠬᠤᠶᠢᠯᠠᠯ ᠤᠨ ᠳᠠᠩᠰᠠ ᠨᠢ ᠪᠣᠳᠠᠲᠠᠢ ᠲᠠᠢ ᠬᠠᠷᠢᠯᠴᠠᠨ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | 3. ᠪᠤᠴᠠᠭᠠᠨ ᠬᠤᠷᠢᠶᠠᠬᠤ ᠬᠠᠮᠢᠶᠠᠷᠤᠯᠲᠠ᠃ | ︵1︶ ᠬᠤᠳᠠᠯᠳᠤᠬᠤ ᠳᠤ ᠪᠠᠨ ᠨᠡᠪᠲᠡᠷᠡᠭᠦᠯᠦᠨ ᠮᠡᠳᠡᠭᠡᠯᠡᠬᠦ᠃ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ | ᠪᠤᠶ ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠶᠢ ᠬᠤᠳᠠᠯᠳᠤᠬᠤ ᠠᠴᠠ ᠡᠮᠦᠨ᠎ᠡ᠂ ᠵᠢᠭᠡᠯᠡᠯᠭᠡ ᠭᠤᠶᠤᠴᠢᠯᠠᠭᠰᠠᠨ ᠠᠵᠤ | ᠠᠬᠤᠶᠢᠯᠠᠯ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠬᠤᠷᠰᠢᠭᠰᠠᠨ ᠪᠠᠩᠬᠢ ᠳᠤ ᠴᠠᠭ | ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠂ ᠨᠡᠪᠲᠡᠷᠡᠭᠦᠯᠦᠨ ᠮᠡᠳᠡᠭᠡᠯᠡᠬᠦ ᠪᠣᠳᠠᠲᠠᠢ ᠠᠷᠭ᠎ᠠ ᠮᠠᠶ᠋ᠢᠭ ᠢᠶᠠᠨ | ᠭᠤᠷᠪᠠᠨ ᠪᠠᠶᠢᠭᠤᠯᠤᠮᠵᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠬᠤ ᠬᠡᠷᠡᠭᠲᠡᠢ᠃ ᠭᠤᠷᠪᠠᠳᠠᠭᠢ | ᠡᠲᠡᠭᠡᠳ ᠤᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠠᠩᠭᠠᠭᠰᠠᠨ ᠪᠣᠷᠣᠯᠠᠭᠤᠯᠬᠤ | ᠮᠡᠳᠡᠭᠡ ᠵᠠᠩᠭᠢ ᠪᠠᠷ᠂ ᠬᠠᠳᠠᠭᠠᠯᠠᠭᠰᠠᠨ ᠪᠠᠷᠠᠭ᠎ᠠ ᠶᠢᠨ ᠲᠡᠮᠳᠡᠭ ᠢ ᠬᠠᠷᠭᠤᠭᠤᠯᠵᠤ᠂ ᠬᠠᠳᠠᠭᠠᠯᠠᠭᠰᠠᠨ ᠪᠠᠷᠠᠭ᠎ᠠ ᠶᠢᠨ | ᠪᠣᠷᠤᠯᠠᠭᠤᠯᠭ᠎ᠠ ᠶᠢᠨ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ᠃ | ︵2︶ ᠳ᠋ᠦᠩᠨᠡᠨ ᠪᠤᠳᠤᠵᠤ ᠡᠭᠡᠭᠦᠯᠦᠨ ᠬᠤᠷᠢᠶᠠᠬᠤ᠃ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠷ ᠪᠤᠶ | ᠪᠣᠯᠤᠭᠰᠠᠨ ᠬᠠᠳᠠᠭᠠᠯᠠᠯᠲᠠ ᠶᠢᠨ ᠪᠠᠷᠠᠭ᠎ᠠ ᠶᠢ ᠪᠣᠷᠣᠯᠠᠭᠤᠯᠬᠤ ᠳᠤ ᠬᠤᠷᠰᠢᠭᠰᠠᠨ ᠪᠠᠩᠬᠢ ᠶᠢᠨ ᠨᠡᠭᠡᠭᠡᠭᠰᠡᠨ | ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠬᠦᠦ ᠳᠠᠩᠰᠠᠨ ᠡᠷᠦᠬᠡ ᠶᠢ ᠬᠡᠷᠡᠭᠯᠡᠨ ᠳ᠋ᠦᠩᠨᠡᠨ | ᠪᠣᠳᠣᠵᠣ᠂ ᠪᠡᠯᠡ ᠮᠥᠩᠭᠦᠨ ᠶᠢᠨ ᠲᠤᠰᠬᠠᠢ ᠵᠣᠭᠤᠰ ᠢ ᠲᠤᠰᠬᠠᠢ ᠬᠡᠷᠡᠭᠯᠡᠵᠦ᠂ ᠠᠶᠤᠯ ᠦᠭᠡᠢ ᠪᠠᠷ ᠡᠭᠡᠭᠦᠯᠦᠨ | ᠬᠤᠷᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠨᠢ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦ ᠪᠠᠨ ᠬᠤᠳᠠᠯᠳᠤᠭᠠᠳ ᠬᠠᠳᠠᠭᠠᠯᠠᠯᠲᠠ ᠶᠢᠨ ᠪᠠᠷᠠᠭ᠎ᠠ ᠪᠣᠢ ᠪᠣᠯᠤᠭᠰᠠᠨ ᠤ ᠳᠠᠷᠠᠭ᠎ᠠ᠂ | ᠬᠤᠷᠰᠢᠭᠰᠠᠨ ᠪᠠᠩᠬᠢ ᠨᠢ ᠵᠢᠭᠡᠯᠡᠯᠭᠡ ᠶᠢᠨ ᠡᠬᠡ ᠮᠥᠩᠭᠦ ᠪᠠᠨ ᠴᠠᠭ ᠲᠤᠬᠠᠢ ᠳᠤ ᠨᠢ ᠪᠤᠴᠠᠭᠠᠨ ᠠᠪᠬᠤ ᠬᠡᠷᠡᠭᠲᠡᠢ᠃ | ᠵᠢᠭᠡᠯᠡᠯᠭᠡ ᠶᠢᠨ ᠡᠬᠡ ᠮᠥᠩᠭᠦ ᠪᠠᠨ ᠪᠦᠷᠢᠮᠦᠰᠦᠨ ᠡᠭᠡᠭᠦᠯᠵᠦ ᠬᠤᠷᠢᠶᠠᠬᠤ ᠠᠴᠠ ᠡᠮᠦᠨ᠎ᠡ᠂ ᠵᠢᠭᠡᠯᠡᠯᠭᠡ | ᠭᠤᠶᠤᠴᠢᠯᠠᠭᠰᠠᠨ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠵᠦ ᠪᠡᠯᠡ ᠮᠥᠩᠭᠦ ᠨᠡᠭᠦᠯᠭᠡᠨ ᠬᠡᠷᠡᠭᠯᠡᠬᠦ᠂ | ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠪᠤᠰᠤᠳ ᠳᠠᠩᠰᠠᠨ ᠡᠷᠦᠬᠡ ᠨᠡᠭᠡᠭᠡᠬᠦ ᠵᠢᠴᠢ | ᠵᠣᠭᠤᠰ ᠢᠶᠠᠨ ᠴᠠᠭ ᠲᠤ ᠪᠠᠨ ᠪᠤᠴᠠᠭᠠᠭᠰᠠᠨ ᠦᠭᠡᠢ ᠪᠠᠶᠢᠬᠤ ᠶᠢ ᠣᠯᠵᠤ ᠮᠡᠳᠡᠪᠡᠯ᠂ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠪᠡᠯ᠂ ᠲᠡᠭᠦᠨ ᠢ ᠠᠵᠤ | ᠠᠬᠤᠶᠢᠯᠠᠯ ᠤᠨ ︽ᠬᠠᠷ᠎ᠠ ᠳᠠᠩᠰᠡᠨ︾ ᠳᠤ ᠵᠢᠭᠰᠠᠭᠠᠨ ᠣᠷᠣᠭᠤᠯᠬᠤ ᠶᠢᠨ ᠬᠠᠮᠲᠤ᠂ ︽ᠬᠠᠷ᠎ᠠ ᠳᠠᠩᠰᠠ︾ ᠶᠢᠨ | ᠪᠠᠶᠢᠳᠠᠯ ᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠬᠤᠶᠢᠰᠢᠳᠠ ᠡᠯ᠎ᠡ | ᠵᠦᠢᠯ ᠤᠨ ᠡᠳ᠋ ᠤᠨ ᠵᠠᠰᠠᠭ ᠤᠨ ᠲᠡᠳᠬᠦᠮᠵᠢ ᠶᠢᠨ ᠪᠡᠯᠡ ᠮᠥᠩᠭᠦ ᠶᠢ ᠬᠦᠷᠲᠡᠵᠦ ᠪᠣᠯᠬᠤ ᠦᠭᠡᠢ᠃ | ︵ᠬᠤᠶᠠᠷ︶ ᠬᠤᠭᠤᠴᠠᠭ᠎ᠠ ᠬᠡᠲᠦᠷᠡᠬᠦ᠂ ᠣᠷᠣᠯᠠᠨ ᠲᠥᠯᠥᠬᠦ ᠪᠠ ᠨᠡᠬᠡᠮᠵᠢᠯᠡᠨ ᠠᠪᠬᠤ᠃ ᠵᠢᠭᠡᠯᠡᠯᠭᠡ ᠶᠢᠨ | ᠬᠤᠭᠤᠴᠠᠭ᠎ᠠ ᠲᠤᠯᠬᠤ ᠠᠴᠠ 60 ᠡᠳᠦᠷ ᠤᠨ ᠡᠮᠦᠨ᠎ᠡ᠂ ᠬᠤᠷᠰᠢᠭᠰᠠᠨ ᠪᠠᠩᠬᠢ ᠪᠣᠯᠣᠨ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠳᠤ ᠵᠣᠭᠤᠰ ᠢᠶᠠᠨ ᠪᠤᠴᠠᠭᠠᠬᠤ | ᠡᠭᠦᠷᠭᠡ ᠪᠠᠨ ᠴᠠᠭ ᠲᠤ ᠪᠠᠨ ᠭᠦᠢᠴᠡᠳᠬᠡᠬᠦ ᠶᠢ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ᠃ ᠠᠵᠤ ᠠᠬᠤᠶᠢᠯᠠᠯ ᠤᠨ | ᠵᠢᠭᠡᠯᠡᠯᠭᠡ ᠨᠢ ᠬᠤᠭᠤᠴᠠᠭ᠎ᠠ ᠠᠴᠠ ᠬᠡᠲᠦᠷᠡᠬᠦ ᠦᠶ᠎ᠡ ᠳᠤ᠂ ᠬᠤᠷᠰᠢᠭᠰᠠᠨ ᠪᠠᠩᠬᠢ᠂ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠤᠲᠠᠰᠤ ᠪᠠᠷ ᠮᠡᠳᠡᠭᠳᠡᠬᠦ᠂ ᠪᠣᠳᠠᠲᠠᠢ ᠭᠠᠵᠠᠷ ᠲᠤ ᠨᠢ ᠬᠦᠷᠴᠦ ᠨᠡᠬᠡᠮᠵᠢᠯᠡᠨ | ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠢ ᠵᠣᠭᠤᠰ ᠢᠶᠠᠨ ᠲᠦᠷᠭᠡᠬᠡᠨ ᠪᠤᠴᠠᠭᠠᠬᠤ ᠪᠠᠷ | ᠰᠢᠮᠳᠠᠭᠤᠯᠵᠤ᠂ ᠣᠯᠠᠨ ᠤᠳᠠᠭ᠎ᠠ ᠨᠡᠬᠡᠮᠵᠢᠯᠡᠨ ᠬᠤᠷᠢᠶᠠᠭᠰᠠᠨ ᠳᠤ ᠳ᠋ᠦᠩ ᠭᠠᠷᠤᠭᠰᠠᠨ ᠦᠭᠡᠢ ᠮᠥᠷᠲᠡᠭᠡᠨ 3 | ᠰᠠᠷ᠎ᠠ ᠠᠴᠠ ᠳᠡᠭᠡᠭᠰᠢ ᠬᠤᠭᠤᠴᠠᠭ᠎ᠠ ᠬᠡᠲᠦᠷᠡᠭᠰᠡᠨ ᠪᠠᠶᠢᠪᠠᠯ᠂ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ᠂ | ᠬᠥᠲᠥᠯᠥᠨ ᠵᠢᠯᠤᠭᠤᠳᠬᠤ ᠪᠡᠯᠡ ᠮᠥᠩᠭᠦ ᠶᠢ ᠨᠢ ᠬᠤᠪᠢᠶᠠᠷᠢᠯᠠᠨ ᠰᠠᠭᠤᠯᠭᠠᠬᠤ ᠲᠠᠰ ᠳᠠᠷᠠᠭᠠᠯᠠᠯ ᠳᠤ ᠣᠷᠣᠭᠤᠯᠤᠨ᠎ᠠ᠃ | ᠡᠩ ᠲᠡᠷᠢᠭᠦᠨ ᠳᠤ ᠠᠵᠤ ᠠᠬᠤᠶᠢᠯᠠᠯ ᠪᠣᠯᠣᠨ ᠠᠶᠢᠮᠠᠭ ᠬᠤᠲᠠ ︹ ᠬᠤᠰᠢᠭᠤ ᠰᠢᠶᠠᠨ ︵ᠬᠤᠲᠠ᠂ ᠲᠣᠭᠤᠷᠢᠭ︶ | ︺ ᠶᠢᠨ ᠲᠤᠰᠢᠶᠠᠭᠰᠠᠨ ᠲᠦᠭᠰᠢᠭᠦᠷᠢ ᠶᠢᠨ ᠪᠠᠲᠤᠯᠠᠭ᠎ᠠ ᠶᠢᠨ ᠮᠥᠩᠭᠦ ᠵᠢᠴᠢ ᠬᠦᠦ ᠮᠥᠩᠭᠦ ᠶᠢᠨ ᠣᠷᠣᠯᠭ᠎ᠠ ᠶᠢ | ᠰᠠᠭᠤᠯᠭᠠᠨ ᠠᠪᠴᠤ ᠬᠤᠭᠤᠴᠠᠭ᠎ᠠ ᠬᠡᠲᠦᠷᠡᠭᠰᠡᠨ ᠵᠢᠭᠡᠯᠡᠯᠭᠡ ᠶᠢᠨ ᠡᠬᠡ ᠬᠦᠦ ᠮᠥᠩᠭᠦ ᠶᠢ ᠣᠷᠣᠯᠠᠨ ᠲᠥᠯᠥᠵᠦ᠂ | ᠬᠦᠷᠦᠯᠴᠡᠬᠦ ᠦᠭᠡᠢ ᠬᠡᠰᠡᠭ ᠢ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ︵ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ︶ ᠪᠣᠯᠣᠨ ᠬᠤᠷᠰᠢᠭᠰᠠᠨ ᠪᠠᠩᠬᠢ 7:3 ᠶᠢᠨ ᠬᠠᠷᠢᠴᠠᠯ ᠢᠶᠠᠷ | ᠢᠲᠡᠭᠡᠮᠵᠢ ᠶᠢᠨ ᠲᠦᠭᠰᠢᠭᠦᠷᠢ ᠶᠢ ᠬᠤᠪᠢᠳᠠᠨ ᠡᠭᠦᠷᠭᠡᠯᠡᠨ᠎ᠡ᠃ ᠬᠤᠷᠰᠢᠭᠰᠠᠨ ᠪᠠᠩᠬᠢ ᠨᠢ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ ᠨᠡᠬᠡᠮᠵᠢᠯᠡᠨ ᠲᠥᠯᠥᠭᠦᠯᠬᠦ ᠠᠵᠢᠯ ᠢ ᠰᠠᠶᠢᠲᠤᠷ ᠬᠢᠵᠦ᠂ | ᠲᠥᠯᠥᠪᠦᠷᠢ ᠶᠢ ᠨᠡᠬᠡᠮᠵᠢᠯᠡᠭᠡᠳ ᠳ᠋ᠦᠩ ᠭᠠᠷᠤᠭᠰᠠᠨ ᠦᠭᠡᠢ ᠪᠣᠯ ᠴᠠᠭ ᠲᠤᠬᠠᠢ ᠳᠤ ᠨᠢ ᠬᠠᠤᠯᠢ ᠶᠣᠰᠣᠭᠠᠷ ᠬᠠᠤᠯᠢ | ᠴᠠᠭᠠᠵᠠ ᠶᠢᠨ ᠪᠠᠶᠢᠭᠤᠯᠭ᠎ᠠ ᠳᠤ ᠵᠠᠷᠭᠤ ᠬᠢᠬᠦ ᠬᠡᠷᠡᠭᠲᠡᠢ᠂ ᠡᠨᠡ ᠬᠦ ᠬᠤᠭᠤᠴᠠᠭᠠᠨ ᠳᠤ ᠡᠭᠦᠰᠣᠭ᠍ᠰᠡᠨ ᠵᠠᠷᠭᠤ ᠶᠢᠨ | ᠵᠠᠷᠤᠳᠠᠯ᠂ ᠭᠦᠢᠴᠡᠳᠬᠡᠬᠦ ᠵᠠᠷᠤᠳᠠᠯ᠂ ᠦᠨᠡᠯᠡᠨ ᠵᠢᠱᠢᠬᠦ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ ᠢ ᠲᠦᠭᠰᠢᠭᠦᠷᠢ ᠶᠢ | ᠳᠠᠭᠠᠭᠠᠨ ᠡᠭᠦᠷᠭᠡᠯᠡᠬᠦ ᠬᠠᠷᠢᠴᠠᠯ ᠶᠣᠰᠣᠭᠠᠷ ᠲᠡᠰᠬᠡᠨ ᠨᠣᠭᠳᠠᠭᠤᠯᠬᠤ ᠬᠡᠷᠡᠭᠲᠡᠢ᠃ | ︵ᠭᠤᠷᠪᠠ︶ ᠬᠥᠲᠥᠯᠥᠨ ᠵᠢᠯᠤᠭᠤᠳᠬᠤ ᠪᠡᠯᠡ ᠮᠥᠩᠭᠦᠨ ᠤ ᠲᠦᠭᠰᠢᠭᠦᠷᠢ ᠶᠢ ᠰᠡᠷᠡᠮᠵᠢᠯᠡᠭᠦᠯᠬᠦ᠃ ᠨᠠᠶᠢᠳᠠᠯᠭ᠎ᠠ | ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠠᠷ᠎ᠠ ᠪᠦᠷᠢ ᠬᠤᠷᠰᠢᠭᠰᠠᠨ ᠪᠠᠩᠬᠢ ᠯᠤᠭ᠎ᠠ ᠲᠦᠭᠰᠢᠭᠦᠷᠢ ᠶᠢ | ᠣᠷᠣᠯᠠᠨ ᠲᠥᠯᠥᠬᠦ ᠪᠡᠯᠡ ᠮᠥᠩᠭᠦ ᠬᠡᠷᠡᠭᠯᠡᠭᠰᠡᠨ ᠪᠠᠶᠢᠳᠠᠯ ᠢ ᠬᠠᠷᠭᠤᠭᠤᠯᠬᠤ ᠶᠢᠨ ᠬᠠᠮᠲᠤ᠂ ᠬᠡᠷᠡᠭᠯᠡᠭᠰᠡᠨ ᠪᠠᠶᠢᠳᠠᠯ ᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠦ᠂ ᠵᠡᠷᠭᠡ ᠳᠤ ᠨᠢ ᠵᠢᠭᠡᠯᠡᠯᠭᠡ | ᠭᠤᠶᠤᠴᠢᠯᠠᠭᠰᠠᠨ ᠠᠵᠤ ᠠᠬᠤᠶᠢᠯᠠᠯ ᠤᠨ ᠬᠠᠷᠢᠶ᠎ᠠ ᠠᠶᠢᠮᠠᠭ ᠬᠤᠲᠠ ︹ ᠬᠤᠰᠢᠭᠤ ᠰᠢᠶᠠᠨ ︵ᠬᠤᠲᠠ᠂ ᠲᠣᠭᠤᠷᠢᠭ | ︶ ︺ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠭᠤᠯᠤᠨ ᠬᠦᠷᠭᠡᠵᠦ᠂ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠬᠥᠲᠥᠯᠥᠨ ᠵᠢᠯᠤᠭᠤᠳᠬᠤ ᠪᠡᠯᠡ ᠮᠥᠩᠭᠦᠨ ᠤ ᠪᠣᠳᠠᠲᠠᠢ ᠠᠵᠢᠯᠯᠠᠭᠠᠨ ᠤ | ᠪᠠᠶᠢᠳᠠᠯ ᠢ ᠦᠨᠳᠦᠰᠦᠯᠡᠨ ᠲᠦᠭᠰᠢᠭᠦᠷᠢ ᠳᠤ ᠬᠢᠨᠠᠨ ᠰᠢᠨᠵᠢᠯᠲᠡ ᠬᠢᠵᠦ᠂ ᠬᠥᠲᠥᠯᠥᠨ ᠵᠢᠯᠤᠭᠤᠳᠬᠤ ᠪᠡᠯᠡ | ᠮᠥᠩᠭᠦ ᠶᠢᠨ ᠣᠷᠣᠯᠠᠨ ᠲᠥᠯᠥᠭᠰᠡᠨ ᠨᠣᠷᠮ᠎ᠠ ᠶᠢᠨ ᠨᠡᠶᠢᠯᠡᠪᠦᠷᠢ ᠨᠢ 3% ᠠᠴᠠ ᠳᠡᠭᠡᠭᠰᠢ ᠪᠣᠯᠬᠤ ᠦᠶ᠎ᠡ ᠳᠤ ︵ᠲᠤᠰ | ᠵᠢᠯ ᠣᠷᠣᠯᠠᠨ ᠲᠥᠯᠥᠭᠰᠡᠨ ᠲᠤᠭ᠎ᠠ ᠶᠢᠨ ᠨᠡᠶᠢᠯᠡᠪᠦᠷᠢ / ᠲᠤᠰ ᠵᠢᠯ ᠪᠤᠴᠠᠭᠠᠭᠰᠠᠨ ᠵᠣᠭᠤᠰᠤᠨ ᠤ ᠲᠤᠭ᠎ᠠ ᠶᠢᠨ | ᠨᠡᠶᠢᠯᠡᠪᠦᠷᠢ × 100 %︶᠂ ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠶᠢᠨ ᠲᠤᠬᠠᠶᠢᠯᠠᠭᠰᠠᠨ ᠠᠵᠢᠯ ᠠᠴᠠ ᠭᠠᠳᠠᠨ᠎ᠠ | ᠂ ᠰᠢᠨ᠎ᠡ ᠪᠠᠷ ᠨᠡᠮᠡᠭᠳᠡᠬᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃ ᠬᠤᠷᠰᠢᠭᠰᠠᠨ ᠪᠠᠩᠬᠢ | ᠪᠣᠯᠣᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠨᠢᠭᠡᠨᠲᠡ ᠡᠭᠦᠰᠦᠭᠰᠡᠨ ᠡᠷᠡᠭᠦᠯ ᠪᠤᠰᠤ | ᠵᠢᠭᠡᠯᠡᠯᠭᠡ ᠶᠢ ᠨᠡᠬᠡᠮᠵᠢᠯᠡᠨ ᠲᠥᠯᠥᠭᠦᠯᠬᠦ ᠬᠠᠷᠢᠭᠤᠴᠠᠯᠭ᠎ᠠ ᠪᠠᠨ ᠡᠷᠬᠡᠪᠰᠢ ᠦᠷᠭᠦᠯᠵᠢᠯᠡᠨ ᠭᠦᠢᠴᠡᠳᠬᠡᠵᠦ᠂ ᠣᠷᠣᠯᠠᠨ | ᠲᠥᠯᠥᠬᠦ ᠨᠣᠷᠮ᠎ᠠ ᠨᠢ ᠰᠡᠷᠡᠮᠵᠢᠯᠡᠭᠦᠯᠬᠦ ᠱᠤᠭᠤᠮ ᠠᠴᠠ ᠳᠣᠣᠷ᠎ᠠ ᠪᠣᠯᠤᠭᠰᠠᠨ ᠤ ᠳᠠᠷᠠᠭ᠎ᠠ᠂ ᠲᠤᠬᠠᠶᠢᠯᠠᠭᠰᠠᠨ | ᠠᠵᠢᠯ ᠢᠶᠠᠨ ᠳᠠᠬᠢᠵᠤ ᠥᠷᠨᠢᠭᠦᠯᠵᠦ ᠪᠣᠯᠣᠨ᠎ᠠ᠃ | ︵ᠳᠥᠷᠪᠡ︶ ᠠᠯᠳᠠᠰᠢ ᠶᠢ ᠠᠭᠤᠴᠢᠯᠠᠵᠤ ᠵᠠᠯᠠᠷᠠᠭᠤᠯᠬᠤ᠃ ᠠᠵᠢᠯ ᠳᠤᠮᠳᠠ ᠳᠣᠣᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠳᠤ ᠨᠢ ᠨᠡᠶᠢᠴᠡᠬᠦ ᠦᠢᠯᠡ ᠠᠵᠢᠯᠯᠠᠭ᠎ᠠ ᠢᠯᠡᠷᠡᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠯᠳᠠᠰᠢ ᠶᠢ ᠨᠢ ᠠᠭᠤᠴᠢᠯᠠᠨ ᠰᠢᠢᠳᠪᠦᠷᠢᠯᠡᠵᠦ ᠪᠣᠯᠣᠨ᠎ᠠ᠄ | 1. ᠠᠵᠤ ᠠᠬᠤᠶᠢᠯᠠᠯ ᠨᠢ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠢ ᠭᠠᠮᠰᠢᠭ ᠪᠤᠶᠤ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ ᠵᠡᠷᠭᠡ ᠠᠴᠠ ᠪᠣᠯᠵᠤ ᠲᠥᠷᠥᠯ ᠵᠦᠢᠯ ᠤᠨ ᠠᠬᠢᠯᠲᠠ ᠪᠠ ᠬᠡᠷᠡᠭᠵᠢᠭᠦᠯᠬᠦ ᠶᠢᠨ ᠦᠷ᠎ᠡ ᠳ᠋ᠦᠩ ᠢ | ᠨᠥᠯᠥᠭᠡᠯᠡᠭᠰᠡᠨ︔ | 2. ᠬᠠᠷᠢᠭᠤᠴᠠᠯᠭᠠᠲᠤ ᠰᠠᠯᠠᠭ᠎ᠠ ᠮᠥᠴᠢᠷ ᠨᠢ ᠲᠥᠷᠥᠯ ᠵᠦᠢᠯ ᠢ ᠠᠬᠢᠭᠤᠯᠬᠤ ᠶᠠᠪᠤᠴᠠ ᠳᠤ᠂ ᠲᠥᠷᠥ ᠶᠢᠨ | ᠪᠣᠳᠣᠯᠭ᠎ᠠ ᠶᠢᠨ ᠵᠠᠭᠠᠭ ᠱᠤᠭᠤᠮ ᠲᠣᠳᠣᠷᠬᠠᠢ ᠦᠭᠡᠢ᠂ ᠤᠷᠢᠳ ᠢᠶᠠᠷ ᠬᠡᠷᠡᠭᠵᠢᠭᠦᠯᠵᠦ ᠲᠤᠷᠰᠢᠭᠰᠠᠨ᠂ ᠲᠤᠷᠰᠢᠯᠭ᠎ᠠ | ᠳᠤᠲᠠᠮᠠᠭ ᠠᠴᠠ ᠪᠣᠯᠵᠤ᠂ ᠠᠯᠳᠠᠰᠢ ᠭᠠᠷᠭᠠᠭᠰᠠᠨ ᠪᠤᠶᠤ ᠵᠢᠱᠢᠭᠰᠡᠨ ᠦᠷ᠎ᠡ ᠳ᠋ᠦᠩ ᠳᠤ ᠬᠦᠷᠭᠡᠭᠰᠡᠨ ᠦᠭᠡᠢ︔ | 3. ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠠᠵᠤ ᠠᠬᠤᠶᠢᠯᠠᠯ ᠳᠤ ᠦᠢᠯᠡᠴᠢᠯᠡᠬᠦ | ᠳᠤᠮᠳᠠ ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠳᠥᠭᠦᠮ ᠦᠵᠡᠭᠦᠯᠬᠦ ᠶᠢᠨ ᠲᠥᠯᠥᠭᠡ | ᠵᠣᠬᠢᠬᠤ ᠬᠡᠮᠵᠢᠶᠡᠨ ᠤ ᠦ ᠰᠡᠪ ᠭᠠᠷᠭᠠᠭᠰᠠᠨ ᠪᠣᠯᠪᠠᠴᠤ ᠬᠤᠬᠢᠷᠠᠯ ᠤᠴᠠᠷᠠᠭᠤᠯᠤᠭᠰᠠᠨ ᠦᠭᠡᠢ︔ | 4. ᠬᠠᠷᠢᠭᠤᠴᠠᠯᠭᠠᠲᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠨᠢᠭᠡᠴᠢ ᠨᠢ ᠤᠯᠤᠰ ᠤᠨ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ | ᠬᠤᠪᠢᠷᠠᠯᠲᠠ ᠭᠠᠷᠤᠭᠰᠠᠨ ᠪᠤᠶᠤ ᠲᠥᠷᠥ ᠶᠢᠨ ᠪᠣᠳᠣᠯᠭ᠎ᠠ ᠶᠢᠨ ᠵᠠᠭᠠᠭ ᠱᠤᠭᠤᠮ ᠲᠣᠳᠣᠷᠬᠠᠢ ᠦᠭᠡᠢ ᠠᠴᠠ ᠪᠣᠯᠵᠤ᠂ | ᠪᠤᠰᠤᠳᠴᠢ ᠨᠥᠬᠦᠴᠡᠯ ᠳᠤ ᠬᠢᠵᠠᠭᠠᠷᠯᠠᠭᠳᠠᠵᠤ᠂ ᠬᠡᠷᠡᠭᠵᠢᠭᠦᠯᠬᠦ ᠶᠢᠨ ᠦᠷ᠎ᠡ ᠳ᠋ᠦᠩ ᠢ ᠨᠥᠯᠥᠭᠡᠯᠡᠭᠰᠡᠨ︔ | 5. ᠳᠡᠭᠡᠳᠦ ᠪᠠᠶᠢᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠨᠢ ᠨᠢᠭᠡᠳᠦᠯ ᠦᠭᠡᠢ᠂ | ᠰᠠᠯᠠᠭ᠎ᠠ ᠮᠥᠴᠢᠷ ᠤᠨ ᠬᠤᠭᠤᠷᠣᠨᠳᠣᠬᠢ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠨᠢ ᠲᠣᠳᠣᠷᠬᠠᠢ ᠦᠭᠡᠢ᠂ | ᠡᠰᠡᠬᠦᠯ᠎ᠡ ᠬᠠᠤᠯᠢ ᠬᠡᠷᠡᠭᠵᠢᠭᠦᠯᠵᠦ ᠬᠢᠨᠠᠵᠤ ᠬᠠᠮᠢᠶᠠᠷᠬᠤ ᠶᠢᠨ ᠬᠤᠭᠤᠰᠤᠨ ᠵᠦᠢᠯ ᠳᠤ ᠬᠠᠷᠢᠶᠠᠯᠠᠭᠳᠠᠵᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠴᠢᠷᠮᠠᠶᠢᠵᠤ᠂ ᠠᠰᠠᠭᠤᠳᠠᠯ ᠢ ᠰᠢᠢᠳᠪᠦᠷᠢᠯᠡᠨ᠂ ᠬᠤᠬᠢᠷᠠᠯ | ᠤᠴᠠᠷᠠᠭᠤᠯᠤᠭᠰᠠᠨ ᠦᠭᠡᠢ︔ | 6. ᠠᠯᠳᠠᠰᠢ ᠶᠢ ᠨᠢ ᠠᠭᠤᠴᠢᠯᠠᠬᠤ ᠪᠤᠰᠤᠳ ᠪᠠᠶᠢᠳᠠᠯ ᠳᠤ ᠨᠡᠶᠢᠴᠡᠬᠦ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠠᠬᠢ ᠬᠠᠮᠢᠶᠠᠷᠤᠯᠲᠠ ᠪᠠᠨ | ᠴᠢᠩᠭᠠᠳᠬᠠᠵᠤ᠂ ᠠᠵᠢᠯ ᠤᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠤᠶᠤ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠰᠢᠢᠳᠪᠦᠷᠢᠯᠡᠬᠦ ᠠᠷᠭ᠎ᠠ ᠶᠢ ᠰᠤᠳᠤᠯᠬᠤ ᠬᠡᠷᠡᠭᠲᠡᠢ᠃ | ︵ᠬᠤᠶᠠᠷ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠨᠢ ᠬᠥᠲᠥᠯᠥᠨ ᠵᠢᠯᠤᠭᠤᠳᠬᠤ ᠪᠡᠯᠡ ᠮᠥᠩᠭᠦ᠂ ᠡᠳ᠋ ᠤᠨ ᠵᠠᠰᠠᠭ ᠤᠨ ᠳᠠᠮ ᠬᠦᠦ | ᠮᠥᠩᠭᠦ ᠵᠡᠷᠭᠡ ᠪᠡᠯᠡ ᠮᠥᠩᠭᠦᠨ ᠤ ᠲᠥᠰᠥᠪ ᠤᠨ ᠲᠣᠬᠢᠷᠠᠭᠤᠯᠤᠯᠲᠠ᠂ ᠪᠡᠯᠡ ᠮᠥᠩᠭᠦ ᠰᠠᠯᠭᠠᠨ ᠥᠭᠬᠦ ᠪᠠ ᠬᠢᠨᠠᠯᠲᠠ | ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ ᠠᠶᠢᠮᠠᠭ ᠬᠤᠲᠠ ︹ ᠬᠤᠰᠢᠭᠤ ᠰᠢᠶᠠᠨ ︵ᠬᠤᠲᠠ᠂ ᠲᠣᠭᠤᠷᠢᠭ︶ | ︺ ᠶᠢᠨ ᠡᠳ᠋ ᠤᠨ ᠵᠠᠰᠠᠭ ᠨᠢ ᠲᠤᠬᠠᠢ ᠶᠢᠨ ᠭᠠᠵᠠᠷ ᠤᠨ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ | ᠵᠢᠭᠡᠯᠡᠯᠭᠡ ᠶᠢᠨ ᠵᠣᠭᠤᠰᠤᠨ ᠤ ᠲᠤᠭ᠎ᠠ ᠪᠠᠷ ᠢᠵᠢ ᠪᠦᠷᠢᠳᠦᠭᠦᠯᠬᠦ ᠪᠡᠯᠡ ᠮᠥᠩᠭᠦ ᠶᠢᠨ ᠲᠥᠰᠥᠪ ᠤᠨ | ᠲᠣᠬᠢᠷᠠᠭᠤᠯᠤᠯᠲᠠ ᠵᠢᠴᠢ ᠰᠠᠯᠭᠠᠨ ᠥᠭᠬᠦ ᠠᠵᠢᠯ ᠢ ᠰᠠᠶᠢᠲᠤᠷ ᠬᠢᠬᠦ ᠬᠡᠷᠡᠭᠲᠡᠢ᠃ | ︵ᠭᠤᠷᠪᠠ︶ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠬᠥᠲᠥᠴᠢ ᠠᠵᠤ ᠠᠬᠤᠶᠢᠯᠠᠯ ᠤᠨ | ᠨᠡᠷᠡᠰ ᠢ ᠪᠠᠶᠢᠭᠤᠯᠬᠤ᠂ ᠬᠠᠮᠢᠶᠠᠷᠬᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠪᠠ ᠮᠡᠳᠡᠭᠡ ᠵᠠᠩᠭᠢ | ᠳᠠᠮᠵᠢᠭᠤᠯᠤᠨ ᠬᠦᠷᠭᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠲᠥᠷᠥᠯ ᠵᠦᠢᠯ ᠤᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠠᠵᠤ ᠠᠬᠤᠶᠢᠯᠠᠯ ᠤᠨ ︽ᠬᠠᠷ᠎ᠠ | ᠳᠠᠩᠰᠠ︾ ᠶᠢᠨ ᠳᠦᠷᠢᠮ ᠢ ᠪᠠᠶᠢᠭᠤᠯᠵᠤ᠂ ᠵᠢᠭᠡᠯᠡᠯᠭᠡ ᠭᠤᠶᠤᠴᠢᠯᠠᠭᠰᠠᠨ ᠠᠵᠤ ᠠᠬᠤᠶᠢᠯᠠᠯ ᠤᠨ ᠬᠤᠳᠠᠯ ᠬᠠᠭᠤᠷᠮᠠᠭ | ᠮᠡᠳᠡᠭᠡ ᠵᠠᠩᠭᠢ ᠬᠠᠩᠭᠠᠬᠤ᠂ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠨᠡᠭᠦᠯᠭᠡᠨ ᠬᠡᠷᠡᠭᠯᠡᠬᠦ᠂ | ᠪᠣᠷᠤᠯᠠᠭᠤᠯᠭ᠎ᠠ ᠶᠢᠨ ᠵᠣᠭᠤᠰ ᠢᠶᠠᠨ ᠡᠪᠬᠡᠭᠦᠯᠦᠨ ᠬᠤᠷᠢᠶᠠᠬᠤ ᠪᠤᠰᠤᠳ ᠳᠠᠩᠰᠠᠨ ᠡᠷᠦᠬᠡ ᠪᠠᠶᠢᠭᠤᠯᠬᠤ᠂ ᠮᠠᠭᠤ | ᠤᠬᠠᠭᠠᠯᠠᠵᠤ ᠥᠷᠢ ᠥᠭᠴᠡᠭᠡ ᠠᠴᠠ ᠳᠤᠲᠠᠭᠠᠨ ᠵᠠᠶᠢᠯᠠᠬᠤ ᠠᠴᠠ ᠪᠣᠯᠵᠤ ᠬᠥᠲᠥᠯᠥᠨ ᠵᠢᠯᠤᠭᠤᠳᠬᠤ ᠪᠡᠯᠡ | ᠮᠥᠩᠭᠦ ᠶᠢ ᠬᠤᠬᠢᠷᠠᠭᠤᠯᠤᠭᠰᠠᠨ ᠪᠠᠶᠢᠪᠠᠯ᠂ ᠠᠵᠤ ᠠᠬᠤᠶᠢᠯᠠᠯ ᠤᠨ ︽ᠬᠠᠷ᠎ᠠ ᠳᠠᠩᠰᠠ︾ ᠳᠤ ᠣᠷᠣᠭᠤᠯᠵᠤ | ᠬᠠᠮᠢᠶᠠᠷᠬᠤ ᠬᠡᠷᠡᠭᠲᠡᠢ᠃ | ︵ᠳᠥᠷᠪᠡ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠨᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠠᠬᠢ ᠠᠵᠢᠯ ᠤᠨ | ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠥᠲᠥᠯᠥᠨ ᠵᠢᠯᠤᠭᠤᠳᠴᠤ ᠪᠡᠯᠡ ᠮᠥᠩᠭᠦ | ᠬᠡᠷᠡᠭᠯᠡᠭᠰᠡᠨ ᠪᠠᠶᠢᠳᠠᠯ ᠢ ᠰᠢᠯᠭᠠᠨ ᠬᠢᠨᠠᠵᠤ ᠦᠨᠡᠯᠡᠯᠲᠡ ᠬᠢᠬᠦ ᠬᠡᠷᠡᠭᠲᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2023 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠳᠠᠷᠤᠮᠠᠯᠯᠠᠨ ᠲᠠᠷᠬᠠᠭᠠᠪᠠ |