ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2023﹈ 8 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠳᠤ | ᠬᠥᠨᠥᠭᠡᠭᠳᠡᠭᠰᠡᠨ ᠳᠤ ᠨᠥᠬᠦᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠢ ᠶᠢᠨ ᠬᠡᠭᠡᠷ᠎ᠡ ᠶᠢᠨ | ᠠᠮᠢᠲᠠᠨ ᠳᠤ ᠬᠥᠨᠥᠭᠡᠭᠳᠡᠭᠰᠡᠨ ᠳᠤ ᠨᠥᠬᠦᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ | ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | 2023 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠢ ᠶᠢᠨ ᠬᠡᠭᠡᠷ᠎ᠡ ᠶᠢᠨ | ᠠᠮᠢᠲᠠᠨ ᠳᠤ ᠬᠥᠨᠥᠭᠡᠭᠳᠡᠭᠰᠡᠨ ᠳᠤ ᠨᠥᠬᠦᠪᠦᠷᠢᠯᠡᠬᠦ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠵᠦᠢᠯ ᠨᠢᠭᠡᠴᠢ ᠪᠠ ᠬᠤᠪᠢ ᠬᠥᠮᠥᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ | ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ ᠳᠤ ᠵᠠᠰᠠᠭ ᠤᠨ ᠣᠷᠳᠣᠨ ᠠᠴᠠ | ᠨᠥᠬᠦᠪᠦᠷᠢᠯᠡᠬᠦ ᠶᠢ ᠬᠠᠤᠯᠢ ᠶᠣᠰᠣᠭᠠᠷ ᠬᠦᠷᠲᠡᠬᠦ ᠡᠷᠬᠡ ᠶᠢ ᠨᠢ ᠪᠠᠲᠤᠯᠠᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ | ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠭᠡᠳᠡᠭ ᠨᠢ | ᠬᠠᠤᠯᠢ ᠶᠣᠰᠣᠭᠠᠷ ᠬᠠᠮᠠᠭᠠᠯᠠᠭᠳᠠᠵᠤ ᠪᠠᠶᠢᠭ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠬᠠᠮᠠᠭᠠᠯᠠᠬᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠵᠢᠴᠢ ᠴᠢᠬᠤᠯᠠ ᠠᠮᠢ ᠠᠬᠤᠢ᠂ ᠰᠢᠨᠵᠢᠯᠡᠬᠦ ᠤᠬᠠᠭᠠᠨ᠂ | ᠨᠡᠶᠢᠭᠡᠮ ᠤᠨ ᠦᠨ᠎ᠡ ᠥᠷᠲᠡᠭ ᠲᠠᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠵᠢᠭᠠᠵᠤ ᠪᠤᠶ᠃ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ ᠲᠤᠰ ᠠᠷᠭ᠎ᠠ ᠳᠤ | ᠲᠣᠭᠲᠠᠭᠠᠭᠰᠠᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠣᠯᠵᠤ ᠬᠥᠮᠥᠨ ᠠᠳᠡᠵᠦ | ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ ᠳᠤ ᠨᠥᠬᠦᠪᠦᠷᠢᠯᠡᠬᠦ ᠠᠵᠢᠯ ᠳᠤ ᠲᠤᠰ ᠠᠷᠭ᠎ᠠ ᠬᠡᠷᠡᠭᠯᠡᠭᠳᠡᠨ᠎ᠡ | ᠃ | ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠳᠤ ᠬᠥᠨᠥᠭᠡᠭᠳᠡᠭᠰᠡᠨ ᠳᠤ ᠨᠥᠬᠦᠪᠦᠷᠢᠯᠡᠬᠦ ᠪᠠᠨ ᠨᠢᠭᠡᠨᠲᠡ | ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠳᠤ ᠣᠷᠣᠭᠤᠯᠤᠭᠰᠠᠨ ᠬᠤᠰᠢᠭᠤ | ᠰᠢᠶᠠᠨ ︵ᠬᠤᠲᠠ᠂ ᠲᠣᠭᠤᠷᠢᠭ︶ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠣᠷᠣᠨ ᠳᠤ ᠭᠠᠷᠤᠭᠰᠠᠨ ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠤᠣᠷ ᠬᠥᠨᠥᠭᠡᠯ ᠪᠠ ᠬᠥᠨᠥᠭᠡᠭᠳᠡᠭᠰᠡᠨ ᠪᠠᠶᠢᠳᠠᠯ ᠨᠢ ᠳᠠᠭᠠᠳᠬᠠᠯ ᠤᠨ | ᠭᠡᠷ᠎ᠡ ᠶᠢᠨ ᠲᠥᠯᠥᠬᠦ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠠᠶᠢᠪᠠᠯ ᠲᠤᠰ ᠠᠷᠭ᠎ᠠ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠣᠶ ᠰᠢᠭᠤᠢ ᠪᠠ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠬᠡ ᠬᠠᠭᠤᠷᠠᠢ ᠶᠢᠨ | ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ ᠳᠤ | ᠨᠥᠬᠦᠪᠦᠷᠢᠯᠡᠬᠦ ᠠᠵᠢᠯ ᠢ ᠵᠢᠭᠠᠨ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠳᠣᠲᠣᠷᠠᠬᠢ ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠶᠢᠨ | ᠬᠤᠬᠢᠷᠠᠯ ᠭᠠᠷᠤᠭᠰᠠᠨ ᠪᠠᠶᠢᠳᠠᠯ ᠢ ᠬᠢᠨᠠᠨ ᠬᠠᠷᠭᠤᠭᠤᠯᠬᠤ᠂ ᠦᠨᠡᠯᠡᠬᠦ᠂ ᠨᠥᠬᠦᠪᠦᠷᠢᠯᠡᠬᠦ ᠠᠵᠢᠯ ᠢ ᠬᠠᠷᠢᠭᠤᠴᠠᠨ᠎ᠠ᠃ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠨᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠬᠤᠬᠢᠷᠠᠯ ᠤᠴᠠᠷᠠᠭᠤᠯᠤᠭᠰᠠᠨ ᠪᠠᠶᠢᠳᠠᠯ ᠳᠤ ᠪᠠᠶᠢᠴᠠᠭᠠᠯᠲᠠ | ᠬᠢᠬᠦ ᠠᠵᠢᠯ ᠢ ᠰᠠᠶᠢᠲᠤᠷ ᠬᠢᠵᠦ᠂ ᠭᠠᠴᠠᠭ᠎ᠠ ᠲᠣᠰᠬᠤᠨ ᠤ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠵᠥᠪᠯᠡᠯ︶ ᠨᠢ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ᠂ ᠬᠥᠭᠵᠢᠭᠦᠯᠦᠯᠲᠡ | ᠪᠠ ᠥᠭᠡᠷᠡᠴᠢᠯᠡᠯᠲᠡ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ | ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠡᠬᠡ ᠬᠠᠭᠤᠷᠠᠢ ᠶᠢᠨ | ᠬᠡᠭᠡᠷ᠎ᠡ ᠶᠢᠨ ᠠᠮᠢᠲᠠᠨ ᠠᠴᠠ ᠪᠣᠯᠤᠭᠰᠠᠨ ᠬᠥᠨᠥᠭᠡᠯ ᠳᠤ ᠪᠠᠶᠢᠴᠠᠭᠠᠯᠲᠠ ᠬᠢᠬᠦ᠂ ᠨᠤᠲᠠᠯᠠᠨ ᠲᠣᠭᠲᠠᠭᠠᠬᠤ ᠵᠡᠷᠭᠡ | ᠨᠥᠬᠦᠪᠦᠷᠢᠯᠡᠬᠦ ᠯᠦᠭᠡ ᠬᠠᠮᠢᠶ᠎ᠠ ᠪᠦᠬᠦᠢ ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠢ᠃ | ᠳᠥᠷᠪᠡᠳᠦᠭᠡᠷ ᠵᠦᠢᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠡᠬᠡ ᠬᠠᠭᠤᠷᠠᠢ ᠶᠢᠨ | ᠬᠡᠭᠡᠷ᠎ᠡ ᠶᠢᠨ ᠠᠮᠢᠲᠠᠨ ᠤ ᠬᠤᠬᠢᠷᠠᠯ ᠤᠴᠠᠷᠠᠭᠤᠯᠬᠤ ᠶᠢ ᠰᠡᠷᠭᠡᠶᠢᠯᠡᠨ ᠡᠵᠡᠮᠳᠡᠬᠦ᠂ ᠤᠬᠠᠭᠤᠯᠭ᠎ᠠ ᠬᠢᠵᠦ ᠪᠣᠯᠪᠠᠰᠤᠷᠠᠯ | ᠬᠦᠷᠲᠡᠭᠡᠬᠦ ᠪᠠ ᠬᠤᠬᠢᠷᠠᠯ ᠢ ᠨᠥᠬᠦᠪᠦᠷᠢᠯᠡᠬᠦ ᠵᠡᠷᠭᠡ ᠵᠠᠷᠤᠳᠠᠯ ᠢ ᠲᠤᠰ ᠱᠠᠲᠤᠨ ᠤ ᠪᠠᠨ ᠡᠳ᠋ ᠤᠨ ᠵᠠᠰᠠᠭ ᠤᠨ | ᠲᠥᠰᠥᠪ ᠲᠤ ᠣᠷᠣᠭᠤᠯᠬᠤ ᠬᠡᠷᠡᠭᠲᠡᠢ᠃ | ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ | ᠬᠥᠷᠥᠩᠭᠡ ᠶᠢᠨ ᠬᠤᠬᠢᠷᠠᠯ ᠭᠠᠷᠤᠭᠰᠠᠨ ᠳᠤ ᠨᠥᠬᠦᠪᠦᠷᠢᠯᠡᠬᠦ ᠶᠢ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠨᠢ ᠬᠠᠷᠢᠶᠠᠲᠤ ᠭᠠᠵᠠᠷ ᠢᠶᠠᠷ ᠬᠠᠮᠢᠶᠠᠷᠬᠤ ᠵᠠᠷᠴᠢᠮ ᠶᠣᠰᠣᠭᠠᠷ᠂ ᠨᠥᠬᠦᠪᠦᠷᠢᠯᠡᠬᠦ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠠᠵᠢᠯ ᠶᠠᠪᠤᠳᠠᠯ ᠤᠨ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ | ᠲᠣᠬᠢᠷᠠᠯᠴᠠᠭᠤᠯᠬᠤ ᠵᠠᠷᠴᠢᠮ ᠶᠣᠰᠣᠭᠠᠷ᠂ ᠨᠥᠬᠦᠪᠦᠷᠢᠯᠡᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠨ᠎ᠠ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠳᠣᠣᠷᠠᠬᠢ ᠠᠵᠢᠯ ᠢ ᠰᠠᠶᠢᠲᠤᠷ ᠬᠢᠬᠦ ᠬᠡᠷᠡᠭᠲᠡᠢ᠄ | ︵ᠨᠢᠭᠡ︶ ᠬᠠᠮᠢᠶ᠎ᠠ ᠪᠦᠬᠦᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠤᠨ ᠲᠤᠭ᠎ᠠ | ᠬᠡᠮᠵᠢᠶ᠎ᠡ ᠪᠣᠯᠣᠨ ᠲᠠᠷᠬᠠᠯᠲᠠ ᠶᠢᠨ ᠣᠷᠣᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠶᠢᠨ ᠬᠠᠮᠲᠤ᠂ | ᠰᠢᠨᠵᠢᠯᠡᠬᠦ ᠤᠬᠠᠭᠠᠨᠴᠢ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ︔ | ︵ᠬᠤᠶᠠᠷ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠦᠷᠭᠦᠯᠵᠢ ᠢᠯᠡᠷᠡᠳᠡᠭ ᠣᠷᠣᠨ ᠪᠦᠰᠡ ᠳᠤ | ᠰᠡᠷᠡᠮᠵᠢᠯᠡᠭᠦᠯᠬᠦ ᠲᠡᠮᠳᠡᠭ ᠲᠠᠯᠪᠢᠵᠤ᠂ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠭᠠᠷ ᠠᠪᠤᠯᠭ᠎ᠠ ᠲᠠᠷᠬᠠᠭᠠᠵᠤ᠂ | ᠲᠧᠯᠸᠢᠰ᠂ ᠷᠠᠳᠢᠣ᠋᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠵᠠᠭᠤᠴᠢᠯᠠᠭᠤᠷ ᠢ ᠠᠰᠢᠭᠯᠠᠨ᠂ ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠰᠡᠷᠭᠡᠶᠢᠯᠡᠨ | ᠬᠠᠮᠠᠭᠠᠯᠠᠬᠤ ᠮᠡᠳᠡᠯᠭᠡ ᠶᠢ ᠤᠬᠠᠭᠤᠯᠵᠤ᠂ ᠠᠷᠠᠳ ᠣᠯᠠᠨ ᠤ ᠬᠠᠮᠠᠭᠠᠯᠠᠬᠤ ᠬᠢᠭᠡᠳ ᠥᠪᠡᠷ ᠢ ᠪᠠᠨ ᠬᠠᠮᠠᠭᠠᠯᠠᠬᠤ | ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ︔ | ︵ᠭᠤᠷᠪᠠ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠡᠪᠰᠢᠯ ᠵᠠᠩᠰᠢᠯ᠂ ᠰᠡᠷᠭᠡᠶᠢᠯᠡᠨ ᠬᠠᠮᠠᠭᠠᠯᠠᠬᠤ | ᠮᠡᠷᠭᠡᠵᠢᠯ ᠵᠡᠷᠭᠡ ᠠᠭᠤᠯᠭ᠎ᠠ ᠯᠤᠭ᠎ᠠ ᠬᠤᠯᠪᠣᠭᠳᠠᠯ ᠪᠦᠬᠦᠢ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠬᠦ ᠬᠡᠷᠡᠭᠲᠡᠢ︔ | ︵ᠳᠥᠷᠪᠡ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ | ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠢ︔ | ︵ᠲᠠᠪᠤ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠭᠡᠮᠲᠦᠭᠡᠵᠦ ᠬᠤᠬᠢᠷᠠᠭᠤᠯᠬᠤ ᠪᠣᠯᠣᠮᠵᠢᠲᠠᠢ ᠪᠠᠶᠢᠳᠠᠯ ᠢ | ᠰᠡᠷᠭᠡᠶᠢᠯᠡᠬᠦ ᠪᠠ ᠡᠵᠡᠮᠳᠡᠬᠦ ᠮᠡᠷᠭᠡᠵᠢᠯ᠂ ᠠᠷᠭ᠎ᠠ ᠬᠡᠮᠵᠢᠶ᠎ᠡ ᠶᠢ ᠰᠤᠳᠤᠯᠬᠤ ᠶᠢᠨ ᠬᠠᠮᠲᠤ ᠶᠡᠷᠦᠩᠬᠡᠶᠢᠯᠡᠨ ᠠᠰᠢᠭᠯᠠᠵᠤ᠂ | ᠲᠥᠯᠥᠪᠯᠡᠭᠡ ᠲᠠᠢ ᠪᠠᠷ ᠠᠩᠨᠠᠬᠤ᠂ ᠳᠦᠷᠰᠦ ᠶᠢᠨ ᠰᠦᠷᠦᠭ ᠢ ᠨᠢ ᠡᠵᠡᠮᠰᠢᠨ ᠲᠣᠬᠢᠷᠠᠭᠤᠯᠬᠤ ᠵᠡᠷᠭᠡ ᠶᠢ ᠰᠢᠨᠵᠢᠯᠡᠬᠦ | ᠤᠬᠠᠭᠠᠨᠴᠢ ᠪᠠᠷ ᠨᠤᠲᠠᠯᠠᠬᠤ ᠬᠡᠷᠡᠭᠲᠡᠢ︔ | ︵ᠵᠢᠷᠭᠤᠭ᠎ᠠ︶ ᠳᠠᠭᠠᠳᠬᠠᠯ ᠤᠨ ᠪᠠᠶᠢᠭᠤᠯᠤᠮᠵᠢ ᠶᠢᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ | ᠬᠠᠷ᠎ᠠ ᠡᠳ᠋ ᠬᠥᠷᠥᠩᠭᠡ ᠶᠢ ᠭᠡᠮᠲᠦᠭᠡᠵᠦ ᠬᠤᠬᠢᠷᠠᠭᠤᠯᠤᠭᠰᠠᠨ ᠳᠤ ᠲᠥᠯᠥᠪᠦᠷᠢ ᠥᠭᠬᠦ ᠲᠥᠷᠥ ᠶᠢᠨ ᠪᠣᠳᠣᠯᠭ᠎ᠠ ᠶᠢᠨ | ᠴᠢᠨᠠᠷᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠨᠢ ᠢᠳᠡᠪᠬᠢᠲᠡᠢ ᠠᠬᠢᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠣᠯᠵᠤ ᠬᠥᠮᠥᠨ ᠠᠳᠡᠵᠦ | ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ | ᠵᠠᠰᠠᠭ ᠤᠨ ᠣᠷᠳᠣᠨ ᠠᠴᠠ ᠨᠥᠬᠦᠪᠦᠷᠢᠯᠡᠨ᠎ᠡ᠄ | ︵ᠨᠢᠭᠡ︶ ᠠᠷᠠᠳ ᠢᠷᠭᠡᠨ ᠭᠡᠮᠲᠦᠭᠰᠡᠨ ᠪᠤᠶᠤ ᠠᠳᠡᠭᠰᠡᠨ︔ | ︵ᠬᠤᠶᠠᠷ︶ ᠬᠠᠰᠢᠶᠠᠯᠠᠨ ᠲᠡᠵᠢᠭᠡᠵᠦ ᠪᠠᠶᠢᠭ᠎ᠠ ᠪᠤᠶᠤ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ | ᠣᠷᠣᠨ ᠪᠦᠰᠡ ᠳᠤ ᠪᠡᠯᠴᠢᠭᠡᠷᠯᠡᠭᠦᠯᠵᠦ ᠪᠠᠶᠢᠭ᠎ᠠ ᠮᠠᠯ ᠵᠢᠭᠦᠷᠲᠡᠨ ᠭᠡᠮᠲᠦᠭᠰᠡᠨ ᠪᠤᠶᠤ ᠦᠬᠦᠭᠰᠡᠨ︔ | ︵ᠭᠤᠷᠪᠠ︶ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠣᠷᠣᠨ ᠪᠦᠰᠡᠨ ᠳᠤ ᠳᠠᠷᠢᠭᠰᠠᠨ ᠲᠠᠷᠢᠮᠠᠯ ︵ | ᠡᠪᠡᠰᠦ ᠪᠡᠯᠴᠢᠭᠡᠷ︶᠂ ᠠᠵᠤ ᠠᠬᠤᠢ ᠶᠢᠨ ᠤᠢ ᠮᠣᠳᠣ ᠵᠡᠷᠭᠡ ᠶᠢ ᠰᠢᠭᠤᠳ ᠬᠤᠬᠢᠷᠠᠭᠤᠯᠤᠭᠰᠠᠨ︔ | ︵ᠳᠥᠷᠪᠡ︶ ᠣᠯᠠᠨ ᠲᠦᠮᠡᠨ ᠤ ᠡᠳᠦᠷ ᠲᠤᠲᠤᠮ ᠤᠨ ᠰᠠᠭᠤᠵᠤ ᠬᠡᠷᠡᠭᠯᠡᠵᠦ ᠪᠠᠶᠢᠭ᠎ᠠ ᠭᠡᠷ ᠪᠠᠶᠢᠰᠢᠩ᠂ ᠭᠡᠷ ᠤᠨ | ᠬᠡᠷᠡᠭᠰᠡᠯ᠂ ᠮᠠᠯ ᠤᠨ ᠬᠠᠰᠢᠶ᠎ᠠ ᠰᠠᠷᠠᠪᠴᠢ ᠵᠡᠷᠭᠡ ᠦᠢᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠶᠢ | ᠬᠤᠬᠢᠷᠠᠭᠤᠯᠤᠭᠰᠠᠨ︔ | ︵ᠲᠠᠪᠤ︶ ᠬᠤᠰᠢᠭᠤ ᠰᠢᠶᠠᠨ ︵ᠬᠤᠳᠠ᠂ ᠲᠣᠭᠤᠷᠢᠭ︶ ᠤ ᠤᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠮᠠᠭᠠᠳᠯᠠᠨ ᠲᠣᠭᠲᠠᠭᠠᠭᠰᠠᠨ | ᠪᠤᠰᠤᠳ ᠪᠠᠶᠢᠳᠠᠯ᠃ | ᠳᠣᠯᠣᠳᠤᠭᠠᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠢ ᠠᠳᠡᠬᠡᠵᠦ ᠭᠡᠮᠲᠦᠭᠡᠭᠰᠡᠨ ᠪᠠ | ᠡᠳ᠋ ᠬᠥᠷᠥᠩᠭᠡ ᠶᠢ ᠬᠤᠬᠢᠷᠠᠭᠤᠯᠤᠭᠰᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠤᠨ | ᠣᠷᠳᠣᠨ ᠠᠴᠠ ᠨᠥᠬᠦᠪᠦᠷᠢᠯᠡᠬᠦ ᠦᠭᠡᠢ᠄ | ︵ᠨᠢᠭᠡ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠰᠠᠨᠠᠭᠠᠴᠢᠯᠠᠭ᠎ᠠ ᠲᠠᠢ ᠪᠠᠷ ᠴᠣᠬᠢᠨ ᠳᠠᠭᠠᠷᠢᠬᠤ ᠪᠤᠶᠤ | ᠵᠣᠷᠢᠭᠤᠳᠠ ᠭᠡᠮᠲᠦᠭᠡᠵᠦ᠂ ᠥᠳᠥᠭᠡᠵᠦ ᠪᠠᠶᠢᠭᠠᠳ ᠭᠡᠮᠲᠦᠭᠰᠡᠨ ᠪᠤᠶᠤ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ︔ | ︵ᠬᠤᠶᠠᠷ︶ ᠬᠠᠤᠯᠢ ᠪᠤᠰᠤ ᠪᠠᠷ ᠠᠩ ᠠᠩᠨᠠᠭᠰᠠᠨ ᠪᠤᠶᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ | ᠳᠤᠷ᠎ᠠ ᠪᠠᠷ ᠢᠶᠠᠨ ᠣᠷᠣᠭᠠᠳ ᠭᠡᠮᠲᠦᠭᠰᠡᠨ ᠪᠤᠶᠤ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ︔ | ︵ᠭᠤᠷᠪᠠ︶ ᠬᠤᠪᠢᠶᠠᠷᠢᠯᠠᠨ ᠲᠣᠭᠲᠠᠭᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶᠡᠨ ᠠᠴᠠ ᠭᠠᠳᠠᠨᠠᠬᠢ | ᠲᠠᠷᠢᠮᠠᠯ᠂ ᠠᠵᠤ ᠠᠬᠤᠢ ᠶᠢᠨ ᠣᠢ ᠮᠣᠳᠣ ᠪᠤᠶᠤ ᠠᠷᠠᠴᠢᠯᠠᠨ ᠲᠡᠵᠢᠭᠡᠭᠰᠡᠨ ᠮᠠᠯ ᠵᠢᠭᠦᠷᠲᠡᠨ ᠢ ᠬᠤᠬᠢᠷᠠᠭᠤᠯᠤᠭᠰᠠᠨ︔ | ︵ᠳᠥᠷᠪᠡ︶ ᠬᠠᠤᠯᠢ ᠠᠴᠠ ᠵᠥᠷᠢᠴᠡᠵᠦ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠳᠠᠰᠬᠠᠨ ᠲᠡᠵᠢᠭᠡᠬᠦ᠂ | ᠦᠷᠡᠵᠢᠭᠦᠯᠬᠦ᠂ ᠡᠵᠡᠩᠨᠡᠬᠦ᠂ ᠠᠰᠢᠭᠯᠠᠬᠤ ᠵᠢᠴᠢ ᠵᠥᠭᠡᠭᠡᠪᠦᠷᠢᠯᠡᠭᠡᠳ ᠬᠥᠮᠥᠨ ᠠᠳᠡᠵᠦ ᠭᠡᠮᠲᠦᠭᠰᠡᠨ ᠪᠤᠶᠤ ᠡᠳ᠋ | ᠬᠥᠷᠥᠩᠭᠡ ᠶᠢᠨ ᠬᠤᠬᠢᠷᠠᠯ ᠭᠠᠷᠤᠭᠰᠠᠨ︔ | ︵ᠲᠠᠪᠤ︶ ᠭᠤᠷᠪᠠᠳᠠᠭᠢ ᠡᠲᠡᠭᠡᠳ ᠠᠴᠠ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠵᠣᠷᠢᠭᠤᠳᠠ ᠥᠷᠭᠦᠭᠡᠨ | ᠳᠦᠷᠪᠡᠭᠡᠵᠦ᠂ ᠰᠣᠴᠢᠭᠠᠵᠤ ᠨᠠᠳᠬᠤᠭᠤᠯᠤᠭᠰᠠᠨ ᠠᠴᠠ ᠪᠣᠯᠵᠤ ᠬᠥᠮᠥᠨ ᠭᠡᠮᠲᠦᠭᠰᠡᠨ ᠪᠠ ᠡᠳ᠋ ᠬᠥᠷᠥᠩᠭᠡ ᠶᠢᠨ | ᠬᠤᠬᠢᠷᠠᠯ ᠭᠠᠷᠤᠭᠰᠠᠨ ᠪᠠᠶᠢᠪᠠᠯ᠂ ᠭᠤᠷᠪᠠᠳᠠᠭᠢ ᠡᠲᠡᠭᠡᠳ ᠠᠴᠠ ᠬᠠᠤᠯᠢ ᠶᠣᠰᠣᠭᠠᠷ ᠢᠷᠭᠡᠨ ᠤ ᠬᠡᠷᠡᠭ ᠤᠨ | ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︔ | ︵ᠵᠢᠷᠭᠤᠭ᠎ᠠ︶ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠥᠬᠦᠪᠦᠷᠢᠯᠡᠬᠦ ᠦᠭᠡᠢ ᠪᠠᠷ ᠮᠠᠭᠠᠳᠯᠠᠨ | ᠲᠣᠭᠲᠠᠭᠠᠭᠰᠠᠨ ᠪᠤᠰᠤᠳ ᠪᠠᠶᠢᠳᠠᠯ᠃ | ᠨᠠᠢᠮᠠᠳᠤᠭᠠᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠥᠮᠥᠨ ᠤ ᠬᠦᠴᠦ ᠪᠠᠷ ᠦᠷᠡᠵᠢᠭᠦᠯᠵᠦ | ᠪᠤᠶᠢᠵᠢᠭᠤᠯᠬᠤ᠂ ᠡᠵᠡᠩᠨᠡᠨ ᠠᠰᠢᠭᠯᠠᠬᠤ ᠵᠢᠴᠢ ᠵᠥᠭᠡᠭᠡᠪᠦᠷᠢᠯᠡᠬᠦ ᠨᠢᠭᠡᠴᠢ ᠪᠤᠶᠤ ᠬᠤᠪᠢ ᠬᠥᠮᠥᠨ᠂ ᠬᠠᠮᠢᠶᠠᠷᠤᠯᠲᠠ | ᠮᠠᠭᠤ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ ᠪᠠᠶᠢᠪᠠᠯ᠂ | ᠬᠥᠮᠥᠨ ᠤ ᠬᠦᠴᠦ ᠪᠠᠷ ᠦᠷᠡᠵᠢᠭᠦᠯᠵᠦ ᠪᠤᠶᠢᠵᠢᠭᠤᠯᠬᠤ᠂ ᠡᠵᠡᠩᠨᠡᠨ ᠠᠰᠢᠭᠯᠠᠬᠤ ᠵᠢᠴᠢ ᠵᠥᠭᠡᠭᠡᠪᠦᠷᠢᠯᠡᠬᠦ ᠨᠢᠭᠡᠴᠢ | ᠪᠤᠶᠤ ᠬᠤᠪᠢ ᠬᠥᠮᠥᠨ ᠬᠠᠤᠯᠢ ᠶᠣᠰᠣᠭᠠᠷ ᠢᠷᠭᠡᠨ ᠤ ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ᠃ | ᠶᠢᠰᠦᠳᠦᠭᠡᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠬᠠᠷ᠎ᠠ ᠡᠳ᠋ | ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ ᠨᠥᠬᠦᠪᠦᠷᠢᠯᠡᠬᠦ ᠵᠣᠭᠤᠰ ᠢ ᠳᠣᠣᠷᠠᠬᠢ ᠲᠣᠭᠲᠠᠭᠠᠯ ᠶᠣᠰᠣᠭᠠᠷ | ᠪᠣᠳᠣᠨ᠎ᠠ᠄ | ︵ᠨᠢᠭᠡ︶ ᠬᠥᠮᠥᠨ ᠬᠠᠷ᠎ᠠ ᠶᠢ ᠭᠡᠮᠲᠦᠭᠡᠭᠰᠡᠨ ᠪᠠᠶᠢᠪᠠᠯ᠂ ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ | ᠡᠮᠴᠢᠯᠡᠭᠡᠨ ᠤ ᠵᠠᠷᠤᠳᠠᠯ ᠵᠢᠴᠢ ᠠᠵᠢᠯ ᠰᠠᠭᠠᠲᠠᠭᠰᠠᠨ ᠤ ᠬᠠᠷᠠᠭ᠎ᠠ ᠠᠴᠠ ᠪᠣᠯᠵᠤ ᠬᠠᠰᠤᠭᠳᠠᠭᠰᠠᠨ ᠣᠷᠣᠯᠭ᠎ᠠ | ᠵᠡᠷᠭᠡ ᠳᠤ ᠨᠥᠬᠦᠪᠦᠷᠢᠯᠡᠨ᠎ᠡ᠃ ᠠᠵᠢᠯ ᠰᠠᠭᠠᠲᠠᠭᠰᠠᠨ ᠤ ᠬᠠᠷᠠᠭ᠎ᠠ ᠠᠴᠠ ᠪᠣᠯᠵᠤ ᠬᠠᠰᠤᠭᠳᠠᠭᠰᠠᠨ ᠣᠷᠣᠯᠭ᠎ᠠ ᠶᠢ᠂ | ᠪᠠᠶᠢᠭ᠎ᠠ ᠭᠠᠵᠠᠷ ᠤᠨ ᠳᠡᠭᠡᠷ᠎ᠡ ᠣᠨ ᠤ ᠠᠵᠢᠯᠲᠠᠨ ᠠᠵᠢᠯᠴᠢᠨ ᠤ ᠡᠳᠦᠷ ᠤᠨ ᠳᠤᠮᠳᠠᠴᠢ ᠴᠠᠯᠢᠩ ᠢ ᠠᠵᠢᠯ | ᠰᠠᠭᠠᠲᠠᠭᠰᠠᠨ ᠴᠠᠭ ᠢᠶᠠᠷ ᠦᠷᠡᠵᠢᠭᠦᠯᠵᠦ ᠪᠣᠳᠣᠨ᠂ ᠠᠵᠢᠯ ᠰᠠᠭᠠᠲᠠᠭᠰᠠᠨ ᠴᠠᠭ ᠢ ᠬᠤᠬᠢᠷᠠᠯ ᠠᠮᠰᠠᠭᠴᠢ ᠶᠢᠨ | ᠡᠮᠨᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠬᠦᠴᠦᠨ ᠪᠦᠬᠦᠢ ᠭᠡᠷᠡᠴᠢ ᠶᠢ ᠦᠨᠳᠦᠰᠦᠯᠡᠨ | ᠲᠣᠭᠲᠠᠭᠠᠨ᠎ᠠ᠃ ᠨᠥᠬᠦᠪᠦᠷᠢᠯᠡᠬᠦ ᠵᠣᠭᠤᠰᠤᠨ ᠤ ᠬᠠᠮᠤᠭ ᠤᠨ ᠶᠡᠭᠡ ᠲᠤᠭ᠎ᠠ ᠶᠢ ᠳᠡᠭᠡᠷ᠎ᠡ ᠣᠨ ᠤ ᠥᠪᠡᠷᠲᠡᠭᠡᠨ | ᠵᠠᠰᠠᠬᠤ ᠣᠷᠣᠨ ᠤ ᠪᠦᠭᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ 3 ᠳᠠᠬᠢᠨ ᠠᠴᠠ ᠳᠠᠪᠠᠭᠤᠯᠬᠤ ᠦᠭᠡᠢ︔ | ︵ᠬᠤᠶᠠᠷ︶ ᠬᠥᠮᠥᠨ ᠤ ᠬᠥᠳᠡᠯᠮᠦᠷᠢᠯᠡᠬᠦ ᠴᠢᠳᠠᠪᠤᠷᠢ ᠶᠢ ᠨᠢ ᠬᠡᠰᠡᠭ ᠪᠤᠶᠤ ᠪᠦᠬᠦᠠ ᠢᠶᠠᠷ ᠠᠯᠳᠠᠭᠤᠯᠤᠭᠰᠠᠨ | ᠪᠠᠶᠢᠪᠠᠯ᠂ ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ᠂ ᠠᠵᠢᠯ ᠰᠠᠭᠠᠲᠠᠭᠰᠠᠨ ᠵᠠᠷᠤᠳᠠᠯ | ᠵᠡᠷᠭᠡ ᠶᠢ ᠨᠢᠭᠡ ᠯᠡ ᠤᠳᠠᠭ᠎ᠠ ᠪᠠᠷ ᠨᠥᠬᠦᠪᠦᠷᠢᠯᠡᠨ᠎ᠡ᠃ ᠨᠢᠭᠡ ᠯᠡ ᠤᠳᠠᠭ᠎ᠠ ᠪᠠᠷ ᠨᠥᠬᠦᠪᠦᠷᠢᠯᠡᠬᠦ ᠵᠣᠭᠤᠰ ᠢ ᠨᠢ | ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠡᠮᠵᠢᠶ᠎ᠡ ᠶᠢ ᠨᠢ ᠦᠨᠳᠦᠰᠦᠯᠡᠵᠦ ᠲᠣᠭᠲᠠᠭᠠᠨ᠎ᠠ᠃ ᠬᠥᠳᠡᠯᠮᠦᠷᠢᠯᠡᠬᠦ | ᠴᠢᠳᠠᠪᠤᠷᠢ ᠪᠠᠨ ᠬᠡᠰᠡᠭ ᠠᠯᠳᠠᠭᠰᠠᠨ ᠪᠠᠶᠢᠪᠠᠯ᠂ ᠨᠢᠭᠡ ᠯᠡ ᠤᠳᠠᠭ᠎ᠠ ᠪᠠᠷ ᠨᠥᠬᠦᠪᠦᠷᠢᠯᠡᠬᠦ ᠵᠣᠭᠤᠰᠤᠨ ᠤ ᠬᠠᠮᠤᠭ ᠤᠨ | ᠶᠡᠭᠡ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 5 ᠠᠴᠠ 10 ᠳᠠᠬᠢᠨ ᠪᠣᠯᠣᠨ᠎ᠠ︔ ᠬᠥᠳᠡᠯᠮᠦᠷᠢᠯᠡᠬᠦ | ᠴᠢᠳᠠᠪᠤᠷᠢ ᠪᠠᠨ ᠪᠥᠬᠦᠨ ᠢᠶᠠᠷ ᠠᠯᠳᠠᠭᠰᠠᠨ ᠪᠠᠶᠢᠪᠠᠯ᠂ ᠨᠢᠭᠡ ᠯᠡ ᠤᠳᠠᠭ᠎ᠠ ᠪᠠᠷ ᠨᠥᠬᠦᠪᠦᠷᠢᠯᠡᠬᠦ ᠵᠣᠭᠤᠰᠤᠨ ᠤ | ᠬᠠᠮᠤᠭ ᠤᠨ ᠶᠡᠭᠡ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 10 ᠠᠴᠠ 15 ᠳᠠᠬᠢᠨ ᠪᠣᠯᠣᠨ᠎ᠠ︔ | ︵ᠭᠤᠷᠪᠠ︶ ᠬᠥᠳᠡᠯᠮᠦᠷᠢᠯᠡᠬᠦ ᠴᠢᠳᠠᠪᠤᠷᠢ ᠶᠢᠨ ᠰᠢᠯᠭᠠᠨ ᠲᠣᠭᠲᠠᠭᠠᠯᠲᠠ ᠬᠢᠬᠦ ᠴᠢᠬᠤᠯᠠ ᠲᠠᠢ ᠪᠣᠯ᠂ ᠬᠤᠬᠢᠷᠠᠯ | ᠠᠮᠰᠠᠭᠴᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ | ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠳᠤ ᠬᠥᠳᠡᠯᠮᠦᠷᠢᠯᠡᠬᠦ ᠴᠢᠳᠠᠪᠤᠷᠢ ᠪᠠᠨ ᠰᠢᠯᠭᠠᠨ | ᠲᠣᠭᠲᠠᠭᠠᠯᠭᠠᠬᠤ ᠪᠠᠷ ᠭᠤᠶᠤᠴᠢᠯᠠᠵᠤ᠂ ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠨᠢ ︽ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠬᠤᠯᠪᠣᠭᠳᠠᠯ ᠪᠦᠬᠦᠢ ᠪᠠᠷᠢᠮᠵᠢᠶ᠎ᠠ ᠪᠠᠷ | ᠯᠠᠪᠯᠠᠯᠲᠠ ᠪᠣᠯᠭᠠᠨ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠡᠮᠵᠢᠶ᠎ᠡ ᠶᠢ ᠨᠢ ᠲᠣᠭᠲᠠᠭᠠᠨ᠎ᠠ᠂ ᠰᠢᠯᠭᠠᠨ | ᠲᠣᠭᠲᠠᠭᠠᠬᠤ ᠵᠠᠷᠤᠳᠠᠯ ᠢ ᠬᠤᠬᠢᠷᠠᠯ ᠠᠮᠰᠠᠭᠴᠢ ᠤᠷᠢᠳᠴᠢᠯᠠᠵᠤ ᠥᠭᠭᠦᠨ᠎ᠡ︔ | ︵ᠳᠥᠷᠪᠡ︶ ᠬᠥᠮᠥᠨ ᠬᠠᠷ᠎ᠠ ᠠᠳᠡᠭᠰᠡᠨ ᠪᠠᠶᠢᠪᠠᠯ᠂ ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ | ᠡᠮᠴᠢᠯᠡᠭᠡᠨ ᠤ ᠵᠠᠷᠤᠳᠠᠯ᠂ ᠠᠵᠢᠯ ᠰᠠᠭᠠᠲᠠᠭᠰᠠᠨ ᠵᠠᠷᠤᠳᠠᠯ᠂ ᠣᠷᠣᠰᠢᠭᠤᠯᠭ᠎ᠠ ᠶᠢᠨ ᠵᠠᠷᠤᠳᠠᠯ ᠵᠡᠷᠭᠡ ᠶᠢ ᠨᠢᠭᠡ ᠯᠠ | ᠤᠳᠠᠭ᠎ᠠ ᠪᠠᠷ ᠨᠥᠬᠦᠪᠦᠷᠢᠯᠡᠨ᠎ᠡ᠃ ᠶᠡᠷᠦᠩᠬᠡᠢ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠦᠬᠦ | ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 15 ᠳᠠᠬᠢᠨ ᠪᠣᠯᠣᠨ᠎ᠠ | ︔ | ︵ᠲᠠᠪᠤ︶ ᠲᠠᠷᠢᠮᠠᠯ᠂ ᠠᠵᠤ ᠠᠬᠤᠢ ᠶᠢᠨ ᠤᠢ ᠮᠣᠳᠣᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠬᠤᠬᠢᠷᠠᠭᠰᠠᠨ ᠬᠡᠰᠡᠭ ᠢ ᠨᠢ ᠳᠡᠭᠡᠷ᠎ᠡ ᠣᠨ ᠤ ᠲᠤᠬᠠᠢ ᠶᠢᠨ ᠭᠠᠵᠠᠷ ᠤᠨ ᠲᠤᠰ ᠲᠦᠷᠦᠯ ᠤᠨ ᠲᠠᠷᠢᠮᠠᠯ᠂ ᠠᠵᠤ | ᠠᠬᠤᠢ ᠶᠢᠨ ᠤᠢ ᠮᠣᠳᠣᠨ ᠤ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠬᠠᠩᠰᠢ ᠪᠠᠷ ᠪᠤᠳᠦᠵᠦ᠂ ᠪᠦᠬᠦ ᠬᠤᠬᠢᠷᠠᠭᠰᠠᠨ | ᠬᠡᠮᠵᠢᠶᠡᠨ ᠤ 60 % ᠪᠠᠷ ᠨᠥᠬᠦᠪᠦᠷᠢᠯᠡᠨ᠎ᠡ︔ | ︵ᠵᠢᠷᠭᠤᠭ᠎ᠠ︶ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠰᠢᠷᠬᠠᠲᠤᠭᠤᠯᠤᠭᠰᠠᠨ ᠪᠠᠶᠢᠪᠠᠯ᠂ ᠲᠤᠰ | ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ | ᠳᠤᠮᠳᠠᠴᠢ ᠦᠨ᠎ᠡ ᠬᠠᠩᠰᠢ ᠶᠢᠨ 30% ᠪᠠᠷ ᠨᠥᠬᠦᠪᠦᠷᠢᠯᠡᠨ᠎ᠡ︔ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ | ᠦᠬᠦᠭᠦᠯᠦᠭᠰᠡᠨ ᠪᠠᠶᠢᠪᠠᠯ᠂ ᠲᠣᠰ ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠢ ᠶᠢᠨ | ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠬᠠᠩᠰᠢ ᠶᠢᠨ 60% ᠪᠠᠷ ᠨᠥᠬᠦᠪᠦᠷᠢᠯᠡᠨ᠎ᠡ︔ | ︵ᠳᠣᠯᠤᠭ᠎ᠠ︶ ᠲᠣᠰ ᠠᠷᠭ᠎ᠠ ᠶᠢᠨ ᠵᠢᠷᠭᠤᠳᠤᠭᠠᠷ ᠵᠦᠢᠯ ᠤᠨ ︵ᠳᠥᠷᠪᠡ︶ ︵ᠲᠠᠪᠤ︶ ᠳ᠋ᠤᠭᠠᠷ ᠵᠤᠷᠪᠤᠰ ᠲᠤ | ᠨᠡᠶᠢᠴᠡᠵᠦ᠂ ᠪᠤᠰᠤᠳ ᠡᠳ᠋ ᠬᠥᠷᠥᠩᠭᠡ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ ᠪᠣᠳᠠᠲᠠᠢ ᠢᠷᠡᠯᠲᠡ ᠶᠢᠨ | ᠪᠠᠷᠢᠮᠵᠢᠶ᠎ᠠ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠵᠤ᠂ ᠨᠥᠬᠦᠪᠦᠷᠢᠯᠡᠬᠦ ᠲᠤᠭ᠎ᠠ ᠨᠢ | ᠬᠤᠬᠢᠷᠠᠭᠰᠠᠨ ᠬᠡᠰᠡᠭ ᠤᠨ ᠵᠠᠬ᠎ᠠ ᠳᠡᠯᠭᠡᠭᠦᠷ ᠤᠨ ᠥᠷᠲᠡᠭ ᠤᠨ 50 % ᠠᠴᠠ ᠶᠡᠭᠡ ᠪᠠᠶᠢᠵᠤ ᠪᠣᠯᠬᠤ ᠦᠭᠡᠢ᠃ | ᠠᠷᠪᠠᠳᠤᠭᠠᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠬᠥᠮᠥᠨ ᠢ ᠠᠳᠡᠬᠡᠵᠦ ᠭᠡᠮᠲᠦᠭᠡᠭᠰᠡᠨ ᠪᠠ ᠡᠳ᠋ | ᠬᠥᠷᠥᠩᠭᠡ ᠶᠢ ᠬᠤᠬᠢᠷᠠᠭᠤᠯᠵᠤ᠂ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠤᠨ | ᠨᠢᠭᠡ ᠳᠤ ᠨᠢ ᠨᠡᠶᠢᠴᠡᠪᠡᠯ᠂ ᠬᠤᠬᠢᠷᠠᠯ ᠠᠮᠰᠠᠭᠴᠢ ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ ᠴᠠᠭ | ᠲᠤᠬᠠᠢ ᠳᠤ ᠨᠢ ᠬᠡᠷᠡᠭ ᠤᠨ ᠡᠭᠦᠰᠣᠭ᠍ᠰᠡᠨ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠮᠡᠳᠡᠭᠦᠯᠬᠦ ᠶᠢᠨ ᠬᠠᠮᠲᠤ᠂ ᠲᠤᠬᠠᠢ ᠶᠢᠨ | ᠭᠠᠵᠠᠷ ᠢ ᠨᠢ ᠬᠠᠮᠠᠭᠠᠯᠠᠵᠤ᠂ ᠬᠠᠷᠭᠤᠭᠤᠯᠤᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ᠃ | ᠬᠥᠮᠥᠨ ᠬᠠᠷ᠎ᠠ ᠠᠳᠡᠵᠦ ᠭᠡᠮᠲᠦᠭᠡᠳ ᠨᠥᠬᠦᠪᠦᠷᠢᠯᠡᠭᠦᠯᠬᠦ ᠪᠠᠷ ᠭᠤᠶᠤᠴᠢᠯᠠᠬᠤ ᠳᠤ᠂ ᠲᠦᠷᠭᠡᠨ ᠠᠪᠤᠷᠠᠵᠤ | ᠡᠮᠨᠡᠭᠦᠯᠦᠭᠰᠡᠨ ᠤ ᠳᠠᠷᠠᠭ᠎ᠠ 60 ᠡᠳᠦᠷ ᠤᠨ ᠳᠣᠲᠣᠷ᠎ᠠ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠤᠷᠠᠳᠬᠤ ᠬᠡᠷᠡᠭᠲᠡᠢ︔ ᠡᠳ᠋ ᠬᠥᠷᠥᠩᠭᠡ ᠶᠢᠨ | ᠬᠤᠬᠢᠷᠠᠯ ᠳᠤ ᠤᠴᠠᠷᠠᠵᠤ ᠨᠥᠬᠦᠪᠦᠷᠢᠯᠡᠭᠦᠯᠬᠦ ᠪᠠᠷ ᠭᠤᠶᠤᠴᠢᠯᠠᠬᠤ ᠳᠤ᠂ ᠡᠳ᠋ ᠬᠥᠷᠥᠩᠭᠡ ᠶᠢᠨ ᠬᠤᠬᠢᠷᠠᠯ ᠳᠤ | ᠣᠨᠴᠠᠷᠠᠭᠰᠠᠨ ᠢ ᠮᠡᠳᠡᠭᠰᠡᠨ ᠪᠤᠶᠤ ᠮᠡᠳᠡᠵᠣ ᠪᠣᠯᠬᠤ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ | ᠳᠤᠷᠠᠳᠬᠤ ᠬᠡᠷᠡᠭᠲᠡᠢ᠃ ᠬᠤᠬᠢᠷᠠᠯ ᠠᠮᠰᠠᠭᠴᠢ ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ | ᠲᠣᠭᠲᠠᠭᠠᠭᠰᠠᠨ ᠬᠤᠭᠤᠴᠠᠭ᠎ᠠ ᠶᠣᠰᠣᠭᠠᠷ ᠭᠤᠶᠤᠴᠢᠯᠠᠯ ᠭᠠᠷᠭᠠᠭᠰᠠᠨ ᠦᠭᠡᠢ ᠠᠴᠠ ᠪᠣᠯᠵᠤ ᠬᠤᠬᠢᠷᠠᠯ ᠢ ᠬᠢᠨᠠᠨ | ᠬᠠᠷᠭᠤᠭᠤᠯᠵᠤ᠂ ᠮᠠᠭᠠᠳᠯᠠᠨ ᠲᠣᠭᠲᠠᠭᠠᠬᠤ ᠶᠢᠨ ᠠᠷᠭ᠎ᠠ ᠦᠭᠡᠢ ᠪᠣᠯᠤᠭᠰᠠᠨ ᠪᠣᠯ ᠨᠥᠬᠦᠪᠦᠷᠢᠯᠡᠬᠦ ᠦᠭᠡᠢ᠃ | ᠬᠥᠳᠡᠯᠮᠦᠷᠢᠯᠡᠬᠦ ᠴᠢᠳᠠᠪᠤᠷᠢ ᠶᠢᠨ ᠰᠢᠯᠭᠠᠨ ᠲᠣᠭᠲᠠᠭᠠᠯᠲᠠ ᠬᠢᠬᠦ ᠴᠢᠬᠤᠯᠠ ᠲᠠᠢ ᠪᠣᠯ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ ᠬᠠᠮᠢᠶ᠎ᠠ ᠪᠦᠬᠦᠢ ᠰᠢᠯᠭᠠᠨ | ᠲᠣᠭᠲᠠᠭᠠᠬᠤ ᠪᠠᠶᠢᠭᠤᠯᠤᠮᠵᠢ ᠠᠴᠠ ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠭᠰᠠᠨ ᠰᠢᠢᠳᠪᠦᠷᠢ ᠭᠠᠷᠭᠠᠵᠤ᠂ | ᠰᠢᠯᠭᠠᠨ ᠲᠣᠭᠲᠠᠭᠭᠠᠬᠤ ᠬᠤᠭᠤᠴᠠᠭ᠎ᠠ ᠶᠢ ᠳᠡᠭᠡᠷ᠎ᠡ ᠳᠤᠷᠠᠳᠤᠭᠰᠠᠨ ᠬᠤᠭᠤᠴᠠᠭ᠎ᠠ ᠳᠤ ᠪᠣᠳᠣᠵᠤ ᠣᠷᠣᠭᠤᠯᠬᠤ | ᠦᠭᠡᠢ᠃ | ᠠᠷᠪᠠᠨ ᠨᠢᠭᠡᠳᠦᠭᠡᠷ ᠵᠦᠢᠯ ᠨᠥᠬᠦᠪᠦᠷᠢᠯᠡᠭᠦᠯᠬᠦ ᠪᠠᠷ ᠭᠤᠶᠤᠴᠢᠯᠠᠬᠤ ᠳᠤ ᠪᠠᠨ ᠪᠢᠴᠢᠭ ᠤᠨ ᠬᠡᠯᠪᠡᠷᠢ ᠪᠠᠷ | ᠭᠤᠶᠤᠴᠢᠯᠠᠵᠤ᠂ ᠨᠥᠬᠦᠪᠦᠷᠢᠯᠡᠭᠦᠯᠬᠦ ᠭᠤᠶᠤᠴᠢᠯᠠᠯ ᠤᠨ ᠪᠢᠴᠢᠭ ᠢᠶᠠᠨ ᠲᠤᠰᠢᠶᠠᠬᠤ ᠳᠤ ᠦᠨᠡᠨ ᠬᠦ ᠬᠦᠴᠢᠷᠳᠡᠯ ᠲᠠᠢ | ᠪᠠᠶᠢᠪᠠᠯ᠂ ᠠᠮᠠ ᠪᠠᠷ ᠢᠶᠠᠨ ᠭᠤᠶᠤᠴᠢᠯᠠᠵᠤ᠂ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠠᠴᠠ | ᠲᠡᠮᠳᠡᠭᠯᠡᠯ ᠳᠤ ᠪᠠᠨ ᠪᠢᠴᠢᠵᠦ ᠣᠷᠣᠭᠤᠯᠤᠨ᠎ᠠ᠃ ᠨᠥᠬᠦᠪᠦᠷᠢᠯᠡᠭᠦᠯᠬᠦ ᠭᠤᠶᠤᠴᠢᠯᠠᠯ ᠤᠨ ᠪᠢᠴᠢᠭ ᠲᠤ ᠳᠣᠣᠷ᠎ᠠ | ᠵᠢᠭᠰᠠᠭᠠᠭᠰᠠᠨ ᠵᠦᠢᠯᠡᠰ ᠢ ᠲᠣᠳᠣᠷᠬᠠᠢ ᠪᠢᠴᠢᠬᠦ ᠬᠡᠷᠡᠭᠲᠡᠢ᠄ | ︵ᠨᠢᠭᠡ︶ ᠬᠤᠬᠢᠷᠠᠯ ᠠᠮᠰᠠᠭᠴᠢ ᠶᠢᠨ ᠣᠪᠣᠭ ᠨᠡᠷ᠎ᠡ᠂ ᠬᠦᠢᠰᠦ ᠶᠢᠨ ᠢᠯᠭᠠᠯ᠂ ᠨᠠᠰᠤ ᠵᠢᠯ᠂ ᠰᠠᠭᠤᠭ᠎ᠠ ᠭᠠᠵᠠᠷ᠂ | ᠬᠠᠷᠢᠯᠴᠠᠬᠤ ᠠᠷᠭ᠎ᠠ ᠮᠠᠶ᠋ᠢᠭ ᠪᠠ ᠪᠡᠶ᠎ᠡ ᠶᠢᠨ ᠦᠨᠡᠮᠯᠡᠯ ᠤᠨ ᠨᠣᠮᠧᠷ ᠪᠠᠭᠲᠠᠨ᠎ᠠ᠃ ᠬᠤᠬᠢᠷᠠᠯ ᠠᠮᠰᠠᠭᠴᠢ ᠨᠢ | ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠣᠯᠬᠤ ᠳᠤ ᠬᠦᠷᠪᠡᠯ᠂ ᠬᠠᠤᠯᠢ ᠶᠢᠨ ᠡᠷᠬᠡᠲᠡᠨ | ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ᠂ ᠬᠠᠶ᠋ᠢᠭ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠣᠷᠣᠯᠠᠬᠤ ᠨᠣᠮᠧᠷ ᠪᠣᠯᠣᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ | ᠬᠠᠷᠢᠭᠤᠴᠠᠯᠭᠠᠲᠠᠨ ᠤ ᠣᠪᠣᠭ ᠨᠡᠷ᠎ᠡ᠂ ᠲᠤᠰᠢᠶᠠᠯ ᠢ ᠪᠠᠰᠠ ᠲᠣᠳᠣᠷᠬᠠᠢ ᠲᠡᠮᠳᠡᠭᠯᠡᠬᠦ ᠬᠡᠷᠡᠭᠲᠡᠢ︔ | ︵ᠬᠤᠶᠠᠷ︶ ᠪᠣᠳᠠᠲᠠᠢ ᠭᠡᠮᠲᠦᠭᠡᠵᠦ ᠬᠤᠬᠢᠷᠠᠭᠤᠯᠤᠭᠰᠠᠨ ᠪᠣᠳᠠᠲᠤ ᠬᠡᠷᠡᠭ᠂ ᠭᠡᠷᠡᠴᠢᠯᠡᠬᠦ ᠮᠠᠲ᠋ᠧᠷᠢᠶᠠᠯ ᠪᠠ | ᠨᠥᠬᠦᠪᠦᠷᠢᠯᠡᠭᠦᠯᠬᠦ ᠱᠠᠭᠠᠷᠳᠠᠯᠭ᠎ᠠ᠃ | ᠠᠷᠪᠠᠨ ᠬᠤᠶᠠᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠨᠥᠬᠦᠪᠦᠷᠢᠯᠡᠭᠦᠯᠬᠦ ᠭᠤᠶᠤᠴᠢᠯᠠᠯ ᠢ ᠣᠯᠣᠭᠰᠠᠨ ᠤ ᠳᠠᠷᠠᠭ᠎ᠠ᠂ | ᠪᠠᠶᠢᠴᠠᠭᠠᠬᠤ ᠠᠵᠢᠯᠲᠠᠨ ᠲᠣᠬᠢᠷᠠᠭᠤᠯᠤᠨ ᠲᠤᠬᠠᠢ ᠶᠢᠨ ᠭᠠᠵᠠᠷ ᠲᠤ ᠨᠢ ᠪᠠᠶᠢᠴᠠᠭᠠᠬᠤ ᠪᠠ ᠬᠢᠨᠠᠨ ᠬᠠᠷᠭᠤᠭᠤᠯᠵᠤ᠂ | 10 ᠠᠵᠢᠯᠯᠠᠬᠤ ᠡᠳᠦᠷ ᠤᠨ ᠳᠣᠲᠣᠷ᠎ᠠ ᠪᠠᠶᠢᠴᠠᠭᠠᠨ ᠬᠠᠷᠭᠤᠭᠤᠯᠬᠤ ᠠᠵᠢᠯ ᠢᠶᠠᠨ ᠪᠡᠶᠡᠯᠡᠭᠦᠯᠬᠦ ᠶᠢᠨ ᠬᠠᠮᠲᠤ᠂ | ᠨᠥᠬᠦᠪᠦᠷᠢᠯᠡᠬᠦ ᠶᠢ ᠵᠥᠪᠰᠢᠶᠡᠷᠡᠬᠦ ᠪᠤᠶᠤ ᠨᠥᠬᠦᠪᠦᠷᠢᠯᠡᠬᠦ ᠶᠢ ᠥᠯᠥ ᠵᠥᠪᠰᠢᠶᠡᠷᠡᠬᠦ ᠪᠠᠷ ᠠᠩᠬ᠎ᠠ ᠠᠯᠬᠤᠮ ᠤᠨ | ᠰᠢᠢᠳᠪᠦᠷᠢᠯᠡᠬᠦ ᠰᠠᠨᠠᠯ ᠢᠶᠠᠨ ᠳᠤᠷᠠᠳᠬᠤ ᠬᠡᠷᠡᠭᠲᠡᠢ᠃ ᠪᠠᠶᠢᠴᠠᠭᠠᠨ ᠬᠠᠷᠭᠤᠭᠤᠯᠬᠤ ᠠᠵᠢᠯ ᠨᠢ ᠡᠷᠬᠡᠪᠰᠢ ᠪᠤᠰᠤᠳᠴᠢ᠂ | ᠲᠥᠪ ᠭᠤᠣᠯᠴᠢ᠂ ᠵᠥᠪ ᠣᠨᠣᠪᠴᠢᠲᠠᠶ ᠪᠠᠶᠢᠬᠤ ᠬᠡᠷᠡᠭᠲᠡᠢ᠃ ᠲᠤᠬᠠᠢ ᠶᠢᠨ ᠭᠠᠵᠠᠷ ᠲᠤ ᠨᠢ ᠪᠠᠶᠢᠴᠠᠭᠠᠨ | ᠬᠠᠷᠭᠤᠭᠤᠯᠤᠭᠴᠢ 2 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠭᠤᠶᠤᠴᠢᠯᠠᠭᠰᠠᠨ ᠮᠠᠲ᠋ᠧᠷᠢᠶᠠᠯ ᠪᠠ ᠡᠬᠡ ᠬᠠᠭᠤᠷᠠᠢ ᠶᠢᠨ ᠬᠡᠭᠡᠷ᠎ᠡ ᠶᠢᠨ | ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ ᠨᠥᠬᠦᠪᠦᠷᠢᠯᠡᠬᠦ ᠪᠠᠶᠢᠴᠠᠭᠠᠨ | ᠳᠠᠩᠰᠠᠯᠠᠬᠤ ᠬᠦᠰᠦᠨᠦᠭᠲᠦ᠂ ᠪᠠᠶᠢᠴᠠᠭᠠᠯᠲᠠ ᠶᠢᠨ ᠲᠡᠮᠳᠡᠭᠯᠡᠯ᠂ ᠠᠩᠬ᠎ᠠ ᠠᠯᠬᠤᠮ ᠤᠨ ᠰᠢᠢᠳᠪᠦᠷᠢᠯᠡᠬᠦ ᠰᠠᠨᠠᠯ ᠵᠡᠷᠭᠡ | ᠮᠠᠲ᠋ᠧᠷᠢᠶᠠᠯ ᠢᠶᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠢ᠃ ᠬᠤᠰᠢᠭᠤ ᠰᠢᠶᠠᠨ ︵ | ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠨᠥᠬᠦᠪᠦᠷᠢᠯᠡᠬᠦ ᠪᠤᠶᠤ ᠦᠯᠦ ᠨᠥᠬᠦᠪᠦᠷᠢᠯᠡᠬᠦ ᠰᠢᠢᠳᠪᠦᠷᠢ ᠭᠠᠷᠭᠠᠬᠤ ᠶᠢᠨ ᠬᠠᠮᠲᠤ᠂ 10 | ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ ᠬᠤᠰᠢᠭᠤ ᠰᠢᠶᠠᠨ ︵ | ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠥᠬᠦᠪᠦᠷᠢᠯᠡᠬᠦ | ᠰᠢᠢᠳᠪᠦᠷᠢ ᠶᠢ ᠦᠨᠳᠦᠰᠦᠯᠡᠨ᠂ ᠨᠥᠬᠦᠪᠦᠷᠢᠯᠡᠬᠦ ᠵᠣᠭᠤᠰ ᠢ ᠴᠠᠭ ᠲᠤᠬᠠᠢ ᠳᠤ ᠨᠢ ᠨᠢᠭᠡ ᠯᠡ ᠤᠳᠠᠭ᠎ᠠ ᠳᠤ᠂ ᠪᠦᠬᠦ | ᠲᠤᠭ᠎ᠠ ᠪᠠᠷ ᠨᠢ ᠭᠤᠶᠤᠴᠢᠯᠠᠭᠴᠢ ᠳᠤ ᠰᠠᠯᠭᠠᠨ ᠥᠭᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠭᠤᠣᠯᠳᠠᠯᠭ᠎ᠠ ᠲᠠᠢ ᠬᠠᠮᠠᠭᠠᠯᠠᠬᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ | ᠬᠠᠮᠠᠭᠠᠯᠠᠬᠤ ᠠᠴᠠ ᠪᠣᠯᠵᠤ ᠭᠡᠮᠲᠦᠵᠦ ᠬᠤᠬᠢᠷᠠᠨ᠂ ᠲᠡᠭᠦᠨ ᠤ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠳᠤ | ᠲᠤᠯᠭᠠᠷᠠᠭᠰᠠᠨ ᠪᠥᠭᠡᠳ ᠨᠡᠶᠢᠭᠡᠮ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠤᠯᠢ | ᠶᠣᠰᠣᠭᠠᠷ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠡᠶᠢᠭᠡᠮ ᠤᠨ ᠠᠪᠤᠷᠠᠨ | ᠲᠤᠰᠠᠯᠠᠯᠲᠠ ᠭᠤᠶᠤᠴᠢᠯᠠᠵᠤ ᠪᠣᠯᠣᠨ᠎ᠠ᠃ | ᠠᠷᠪᠠᠨ ᠲᠠᠪᠤᠳᠤᠭᠠᠷ ᠵᠦᠢᠯ ᠭᠤᠶᠤᠴᠢᠯᠠᠭᠴᠢ ᠨᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠨᠥᠬᠦᠪᠦᠷᠢᠯᠡᠬᠦ | ᠪᠡᠯᠡ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ ᠨᠥᠬᠦᠪᠦᠷᠢᠯᠡᠬᠦ ᠰᠢᠢᠳᠪᠦᠷᠢ ᠭᠠᠷᠭᠠᠭᠰᠠᠨ ᠤᠢ ᠰᠢᠭᠤᠢ ᠪᠠ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ | ᠪᠠᠶᠢᠭᠠᠳ ᠨᠥᠬᠦᠪᠦᠷᠢᠯᠡᠭᠰᠡᠨ ᠵᠣᠭᠤᠰ ᠢ ᠪᠤᠴᠠᠯᠭᠠᠨ᠎ᠠ︔ ᠶᠠᠯ᠎ᠠ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠵᠢᠷᠭᠤᠳᠤᠭᠠᠷ ᠵᠦᠢᠯ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ | ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ ᠨᠥᠬᠦᠪᠦᠷᠢᠯᠡᠬᠦ ᠶᠢᠨ ᠭᠤᠶᠤᠴᠢᠯᠠᠯ ᠤᠨ ᠬᠦᠰᠦᠨᠦᠭᠲᠦ᠂ ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ | ᠨᠥᠬᠦᠪᠦᠷᠢᠯᠡᠬᠦ ᠪᠠᠶᠢᠴᠠᠭᠠᠨ ᠳᠠᠩᠰᠠᠯᠠᠬᠤ ᠬᠦᠰᠦᠨᠦᠭᠲᠦ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ | ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ ᠨᠥᠬᠦᠪᠦᠷᠢᠯᠡᠬᠦ ᠮᠠᠭᠠᠳᠯᠠᠨ ᠲᠣᠭᠲᠠᠭᠠᠬᠤ | ᠬᠦᠰᠦᠨᠦᠭᠲᠦ ᠶᠢ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠢ ᠲᠣᠭᠲᠠᠭᠠᠨ᠎ᠠ᠃ | ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2023 ᠣᠨ ᠤ 1 ᠳ᠋ᠦ᠋ᠭᠡᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ |