ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ︹2023︺6 ᠳ᠋ᠤᠭᠠᠷ ᠲᠣᠭᠠᠲᠤ | ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ | ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ | ᠰᠠᠨᠠᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠯᠠᠬᠤ ᠭᠠᠵᠠᠷ ᠢ ᠬᠠᠮᠠᠭᠠᠯᠠᠬᠤ ᠲᠤᠬᠠᠢ ᠰᠢᠷᠢᠰ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠠᠷᠢᠶᠠᠯᠠᠬᠤ | ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠤᠨ | ᠱᠠᠭᠠᠷᠳᠠᠯᠭ᠎ᠠ ᠶᠢ ᠴᠢᠩᠭ᠎ᠠ ᠰᠠᠬᠢᠵᠤ᠂ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ᠂ ᠴᠢᠨᠠᠷ᠂ ᠠᠮᠢ ᠠᠬᠤᠢ ︽ | ᠭᠤᠷᠪᠠ ᠶᠢ ᠨᠢᠭᠡ ᠴᠣᠭᠴᠠᠵᠢᠭᠤᠯᠤᠭᠰᠠᠨ︾ ᠬᠠᠮᠠᠭᠠᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠠᠴᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠭᠤᠯᠭᠠᠭᠰᠠᠨ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ | ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠪᠠᠭᠠᠰᠬᠠᠬᠤ ᠦᠭᠡᠢ | ᠪᠠᠶᠢᠬᠤ ᠶᠢ ᠦᠨᠡᠨ ᠬᠦ ᠪᠠᠲᠤᠯᠠᠵᠤ᠂ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ | ᠬᠤᠷᠢᠭᠯᠠᠵᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠦ᠂ ᠬᠠᠮᠠᠭᠠᠯᠠᠯᠲᠠ | ᠨᠠᠩ ᠬᠦᠴᠦᠲᠡᠢ᠂ ᠬᠡᠷᠡᠭᠵᠢᠭᠦᠯᠦᠯᠲᠡ ᠨᠠᠩ ᠤᠷᠤᠭᠰᠢᠲᠠᠢ᠂ ᠬᠠᠮᠢᠶᠠᠷᠤᠯᠲᠠ ᠨᠠᠩ ᠥᠨᠳᠥᠷ ᠪᠦᠲᠦᠮᠵᠢᠲᠡᠶ | ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠶᠢᠨ ᠲᠤᠰᠠᠳᠠ᠂ ᠡᠳᠦᠭᠡ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠤᠨ᠎ᠠ | ︵ᠨᠢᠭᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ | ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ | ᠣᠷᠳᠣᠨ ᠬᠠᠷᠢᠭᠤᠴᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠣᠯᠠᠨ ᠨᠡᠶᠢᠲᠡ ᠣᠷᠣᠯᠴᠠᠭᠰᠠᠨ᠂ ᠳᠡᠭᠡᠳᠦ | ᠳᠣᠣᠷᠠᠳᠤ ᠱᠠᠲᠤ ᠶᠢᠨ ᠬᠢᠨ ᠬᠤᠯᠪᠤᠭᠠᠯᠠᠨ ᠬᠥᠳᠡᠯᠦᠯᠴᠡᠭᠰᠡᠨ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠲᠤ ᠶᠢᠨ | ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠴᠢᠩᠭ᠎ᠠ ᠡᠵᠡᠮᠳᠡᠬᠦ | ᠂ ᠶᠠᠪᠤᠴᠠ ᠶᠢ ᠨᠢ ᠴᠢᠩᠭ᠎ᠠ ᠬᠠᠮᠢᠶᠠᠷᠬᠤ᠂ ᠤᠷᠰᠢᠭ ᠢ ᠨᠢ ᠴᠢᠩᠭ᠎ᠠ ᠰᠢᠢᠳᠬᠡᠬᠦ ᠶᠢ ᠪᠡᠶᠡᠯᠡᠭᠦᠯᠵᠦ᠂ ᠲᠣᠰ ᠭᠠᠵᠠᠷ | ᠣᠷᠣᠨ ᠤ ᠪᠠᠨ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠭᠤᠣᠯ ᠬᠠᠷᠢᠭᠤᠴᠠᠯᠭᠠᠲᠠᠨ ᠪᠣᠯ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ | ᠪᠣᠯᠬᠤᠷ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠨ ᠮᠠᠯᠴᠢᠨ ᠪᠠ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠲᠠᠷᠢᠶᠠᠯᠠᠬᠤ ᠭᠠᠵᠠᠷ ᠢ ᠬᠠᠮᠠᠭᠠᠯᠠᠬᠤ | ᠢᠳᠡᠪᠬᠢᠵᠢᠯ ᠢ ᠨᠢ ᠭᠦᠢᠴᠡᠳ ᠳᠠᠶᠢᠴᠢᠯᠠᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠨᠡᠶᠢᠯᠡᠮᠡᠯ ᠬᠦᠴᠦᠨ ᠢ ᠪᠣᠶ | ᠪᠣᠯᠭᠠᠬᠤ ᠬᠡᠷᠡᠭᠲᠡᠢ᠃ ︽ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ︾ ᠢ ᠰᠦᠪᠡᠭᠴᠢᠯᠡᠨ ᠪᠠᠶᠢᠭᠤᠯᠵᠤ᠂ | ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ | ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠪᠦᠬᠦᠨ ᠢ ᠬᠠᠮᠤᠷᠤᠭᠤᠯᠤᠭᠰᠠᠨ ᠲᠠᠷᠢᠶᠠᠯᠠᠬᠤ ᠭᠠᠵᠠᠷ ᠤᠨ | ᠬᠠᠮᠠᠭᠠᠯᠠᠯᠲᠠ ᠶᠢᠨ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ | ᠠᠬᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢᠯᠠᠩᠭᠤᠶ᠎ᠠ ᠰᠤᠮᠤ ᠰᠢᠶᠠᠩ | ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ ᠪᠠᠶᠢᠭ᠎ᠠ | ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠲᠠᠷᠢᠶᠠᠯᠠᠬᠤ ᠭᠠᠵᠠᠷ ᠢ ᠬᠠᠮᠠᠭᠠᠯᠠᠬᠤ ᠨᠢᠭᠡᠳᠦᠭᠡᠷ ᠹᠷᠣᠨᠲ ᠤᠨ | ᠬᠠᠤᠯᠢ ᠬᠡᠷᠡᠭᠵᠢᠭᠦᠯᠦᠯᠲᠡ ᠶᠢ ᠦᠨᠡᠨ ᠬᠦ ᠴᠢᠩᠭᠠᠳᠬᠠᠵᠤ᠂ ᠲᠠᠷᠢᠶᠠᠯᠠᠬᠤ ᠭᠠᠵᠠᠷ ᠢ ᠰᠦᠢᠳᠬᠡᠵᠦ ᠪᠠᠶᠢᠭ᠎ᠠ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠳᠤ ᠬᠢᠨᠠᠯᠲᠠ | ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠪᠠ | ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠩᠭᠤ ᠬᠢᠨᠠᠯᠲᠠ ᠲᠠᠯᠪᠢᠵᠤ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤ ᠨᠢ ᠬᠠᠷᠢᠭᠤ ᠲᠤᠰᠬᠠᠵᠤ᠂ ᠴᠢᠩᠭ᠎ᠠ ᠰᠢᠮᠳᠠᠭᠤᠯᠵᠤ ᠪᠠᠶᠢᠭᠠᠳ | ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ | ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠡᠭᠦᠷᠭᠡ ᠶᠢᠨ ᠬᠢᠨ ᠶᠣᠰᠣᠭᠠᠷ᠂ | ᠬᠠᠮᠵᠢᠯᠴᠠᠵᠤ ᠬᠤᠷᠰᠢᠯᠴᠠᠬᠤ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ | ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠶᠢᠨ ᠬᠠᠷᠢᠭᠤᠴᠠᠯᠭᠠᠲᠤ | ᠬᠠᠷᠠᠯᠲᠠ ᠪᠠᠨ ᠨᠠᠷᠢᠯᠢᠭᠵᠢᠭᠤᠯᠤᠨ ᠵᠠᠳᠠᠯᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠢᠯᠠᠩᠭᠤᠶ᠎ᠠ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠠᠮᠢᠶᠠᠷᠤᠨ ᠬᠠᠮᠠᠭᠠᠯᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ | ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ | ᠲᠠᠷᠢᠶᠠᠯᠠᠬᠤ ᠭᠠᠵᠠᠷ ᠤᠨ ᠴᠢᠨᠠᠷ ᠢ ᠬᠠᠮᠠᠭᠠᠯᠠᠬᠤ ᠪᠠ ᠰᠠᠶᠢᠵᠢᠷᠠᠭᠤᠯᠬᠤ ᠠᠵᠢᠯᠯᠠᠭᠠᠨ ᠢ ᠬᠡᠷᠡᠭᠵᠢᠭᠦᠯᠵᠦ᠂ ᠲᠠᠷᠢᠶᠠᠯᠠᠬᠤ | ᠭᠠᠵᠠᠷ ᠢ ᠰᠡᠯᠭᠦᠵᠦ ᠳᠠᠷᠢᠬᠤ ᠵᠢᠴᠢ ᠲᠠᠷᠢᠶᠠᠯᠠᠬᠤ ᠭᠠᠵᠠᠷ ᠤᠨ ᠥᠩ ᠰᠢᠮ᠎ᠡ ᠳᠠᠬᠢ ᠬᠠᠮᠢᠶᠠᠷᠤᠯᠲᠠ ᠪᠠᠨ ᠴᠢᠩᠭᠠᠳᠬᠠᠨ | ᠂ ᠲᠠᠷᠢᠶᠠᠯᠠᠬᠤ ᠭᠠᠵᠠᠷ ᠢ ᠠᠲᠠᠷᠰᠢᠭᠤᠯᠵᠤ ᠲᠠᠷᠢᠶᠠᠯᠠᠬᠤ ᠪᠠᠨ ᠪᠣᠯᠢᠬᠤ ᠦᠵᠡᠭᠳᠡᠯ ᠢ ᠴᠢᠩᠭ᠎ᠠ ᠰᠡᠷᠭᠡᠶᠢᠯᠡᠨ᠂ | ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ ᠪᠠᠨ ᠰᠢᠯᠵᠢᠭᠦᠯᠦᠨ ᠡᠷᠭᠢᠯᠳᠦᠭᠦᠯᠬᠦ ᠶᠢ ᠡᠮᠬᠢ ᠵᠢᠷᠤᠮ ᠲᠠᠢ ᠪᠠᠷ | ᠬᠥᠲᠥᠯᠥᠨ ᠵᠢᠯᠤᠭᠤᠳᠴᠤ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠲᠠᠷᠢᠬᠤ ᠶᠢ | ᠬᠥᠲᠥᠯᠥᠨ ᠵᠢᠯᠤᠭᠤᠳᠴᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠶᠢᠨ | ᠬᠠᠮᠲᠤ᠂ ᠬᠥᠳᠡᠭᠡ ᠲᠣᠰᠬᠤᠨ ᠤ ᠠᠷᠠᠳ ᠤᠨ ᠬᠠᠤᠯᠢ ᠪᠤᠰᠤ ᠪᠠᠷ ᠭᠠᠵᠠᠷ ᠰᠢᠷᠣᠢ ᠶᠢ ᠡᠵᠡᠯᠡᠨ ᠬᠡᠷᠡᠭᠯᠡᠵᠦ ᠣᠷᠣᠨ | ᠰᠠᠭᠤᠴᠠ ᠪᠠᠶᠢᠭᠤᠯᠬᠤ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠲᠠᠷᠢᠶᠠᠯᠠᠬᠤ | ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠶᠢ ᠢᠳᠡᠪᠬᠢᠲᠡᠢ | ᠵᠣᠬᠢᠶᠠᠨ ᠪᠠᠶᠢᠭᠤᠯᠤᠨ ᠥᠷᠨᠢᠭᠦᠯᠵᠦ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ | ᠪᠠ ᠴᠢᠩᠭ᠎ᠠ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠢ ᠪᠠᠲᠤᠯᠠᠬᠤ ᠠᠷᠭ᠎ᠠ ᠵᠠᠮ ᠢᠶᠠᠷ ᠳᠠᠮᠵᠢᠭᠤᠯᠤᠨ᠂ ᠲᠥᠪ | ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰᠬᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ | ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢ ᠳᠡᠮᠵᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠯᠤᠭ᠎ᠠ ᠬᠠᠮᠲᠤ ᠪᠠᠷ ᠪᠡᠯᠡ ᠮᠥᠩᠭᠦᠨ ᠤ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ | ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠤᠨ ᠡᠬᠢ ᠡᠭᠦᠰᠦᠯ ᠢ ᠬᠠᠮᠢᠶᠠᠷᠤᠨ ᠡᠵᠡᠮᠳᠡᠬᠦ ᠪᠠᠨ | ᠴᠢᠩᠭᠠᠳᠬᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ | ᠠᠵᠢᠯ ᠢᠶᠠᠨ ᠰᠠᠶᠢᠲᠤᠷ ᠬᠢᠵᠦ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠪᠠᠨ | ᠭᠦᠢᠴᠡᠳᠬᠡᠭᠰᠡᠨ ᠪᠠᠶᠢᠳᠠᠯ ᠢ ᠰᠢᠯᠭᠠᠨ ᠬᠢᠨᠠᠬᠤ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠬᠢᠨᠠᠨ ᠪᠤᠳᠤᠬᠤ ᠰᠠᠯᠠᠭ᠎ᠠ | ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠢ ᠤᠳᠤᠷᠢᠳᠬᠤ | ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ | ᠪᠤᠳᠤᠬᠤ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠵᠠᠮ ᠬᠠᠷᠢᠯᠴᠠᠭ᠎ᠠ | ᠲᠡᠭᠡᠭᠡᠪᠦᠷᠢ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ᠂ ᠤᠰᠤᠨ ᠠᠰᠢᠭᠯᠠᠯᠲᠠ᠂ ᠤᠢ ᠰᠢᠭᠤᠢ | ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠨᠢ ᠲᠥᠯᠦᠪᠵᠢᠭᠦᠯᠭᠡ ᠨᠠᠶᠢᠷᠠᠭᠤᠯᠤᠨ ᠵᠣᠬᠢᠶᠠᠬᠤ᠂ ᠲᠥᠷᠥᠯ ᠵᠦᠢᠯ ᠢ | ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠠᠵᠢᠯ ᠳᠤ ᠪᠠᠨ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠤᠨ | ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ᠂ ᠬᠥᠭᠵᠢᠯᠲᠡ ᠶᠢ ᠪᠠᠲᠤᠯᠠᠬᠤ ᠶᠢᠨ ᠬᠤᠭᠤᠷᠣᠨᠳᠣᠬᠢ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠬᠦᠴᠦᠲᠡᠢ ᠬᠠᠮᠠᠭᠠᠯᠠᠬᠤ᠂ ᠪᠦᠲᠦᠮᠵᠢᠲᠡᠶ ᠪᠠᠲᠤᠯᠠᠬᠤ ᠪᠠ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ ᠶᠢ ᠦᠨᠡᠨ | ᠬᠦ ᠪᠡᠶᠡᠯᠡᠭᠦᠯᠬᠦ ᠬᠡᠷᠡᠭᠲᠡᠢ᠃ | ︵ᠭᠤᠷᠪᠠ︶ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ ᠰᠢᠯᠭᠠᠨ ᠬᠢᠨᠠᠬᠤ | ᠳᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢ | ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢᠨ ᠰᠢᠯᠭᠠᠨ ᠬᠢᠨᠠᠬᠤ ᠳᠦᠷᠢᠮ ᠢᠶᠠᠨ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠴᠤᠯ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢᠨ ᠰᠢᠯᠭᠠᠨ ᠬᠢᠨᠠᠯᠲᠠ ᠪᠠᠶᠢᠭᠰᠠᠨ ᠠᠴᠠ ᠪᠠᠨ ᠲᠠᠷᠢᠶᠠᠯᠠᠬᠤ ᠭᠠᠵᠠᠷ ᠤᠨ | ᠲᠤᠭ᠎ᠠ ᠬᠡᠮᠵᠢᠶ᠎ᠡ᠂ ᠴᠢᠨᠠᠷ᠂ ᠠᠮᠢ ᠠᠬᠤᠢ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠰᠢᠯᠭᠠᠨ ᠬᠢᠨᠠᠯᠲᠠ | ᠲᠡᠶᠢᠰᠢ ᠬᠤᠪᠢᠷᠠᠭᠤᠯᠬᠤ ᠬᠡᠷᠡᠭᠲᠡᠢ᠃ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠬᠤ ᠭᠠᠵᠠᠷ ᠤᠨ | ᠴᠢᠨᠠᠷ ᠪᠠ ᠠᠮᠢ ᠠᠬᠤᠢ ᠶᠢᠨ ᠬᠦᠴᠦᠨ ᠵᠦᠢᠯ ᠢ ᠰᠢᠯᠭᠠᠨ ᠬᠢᠨᠠᠬᠤ ᠳᠠᠬᠢ ᠡᠵᠡᠯᠡᠬᠦ ᠬᠤᠪᠢᠳᠠᠯ ᠢ ᠨᠡᠮᠡᠭᠳᠡᠭᠦᠯᠦᠨ᠎ᠡ᠃ | ᠲᠠᠷᠢᠶᠠᠯᠠᠬᠤ ᠭᠠᠵᠠᠷ ᠢ ᠬᠠᠮᠠᠭᠠᠯᠠᠬᠤ ᠡᠭᠦᠷᠭᠡ ᠬᠦᠨᠳᠦ᠂ ᠬᠠᠮᠠᠭᠠᠯᠠᠬᠤ ᠬᠠᠷᠢᠭᠤᠴᠠᠯᠭ᠎ᠠ ᠪᠠ ᠦᠷ᠎ᠡ ᠪᠦᠲᠦᠮᠵᠢ ᠪᠠᠷ | ᠲᠣᠪᠤᠶᠢᠮ᠎ᠠ ᠠᠶᠢᠮᠠᠭ ᠬᠤᠲᠠ ᠶᠢ ᠰᠠᠶᠢᠰᠢᠶᠠᠨ᠎ᠠ︔ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ | ᠦᠭᠡᠢ᠂ ᠴᠢᠩᠭ᠎ᠠ ᠬᠢᠨᠠᠨ ᠬᠠᠮᠢᠶᠠᠷᠤᠭᠰᠠᠨ ᠦᠭᠡᠢ᠂ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ | ᠪᠣᠯ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠲᠠᠯ᠎ᠠ ᠪᠠᠷ ᠬᠢ ᠢᠯᠡᠷᠡᠭᠦᠯᠵᠦ ᠬᠢᠨᠠᠨ ᠬᠠᠮᠢᠶᠠᠷᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ | ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠰᠢᠨ᠎ᠡ ᠪᠠᠶᠢᠳᠠᠯ᠂ ᠰᠢᠨ᠎ᠡ | ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠪᠥᠬᠦ ᠶᠠᠪᠤᠴᠠ ᠳᠤ ᠨᠢ ᠬᠢᠨᠠᠨ ᠬᠠᠮᠢᠶᠠᠷᠬᠤ᠂ ᠴᠠᠭ | ᠲᠤᠬᠠᠢ ᠳᠤ ᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠰᠢᠨ᠎ᠡ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠨᠢ ᠭᠠᠵᠠᠷ ᠰᠢᠷᠣᠢ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠬᠦ | ᠠᠵᠢᠯ ᠲᠠᠢ ᠤᠶᠠᠯᠳᠤᠭᠤᠯᠤᠨ᠂ ᠪᠥᠬᠦ ᠣᠷᠣᠨ ᠤ ᠲᠠᠷᠢᠶᠠᠯᠠᠬᠤ ᠭᠠᠵᠠᠷ ᠲᠤ ᠰᠠᠷ᠎ᠠ ᠪᠦᠷᠢ ᠨᠢᠭᠡ ᠤᠳᠠᠭ᠎ᠠ ᠪᠦᠬᠦᠨ ᠢ | ᠬᠠᠮᠤᠷᠤᠭᠤᠯᠤᠭᠰᠠᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠲᠣᠭᠤᠷᠢᠨ ᠪᠠᠶᠢᠴᠠᠭᠠᠬᠤ ᠶᠢᠨ ᠬᠠᠮᠲᠤ᠂ | ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠪᠠᠷ ᠲᠣᠭᠤᠷᠢᠨ ᠪᠠᠶᠢᠴᠠᠭᠠᠬᠤ ᠳᠤ ᠢᠯᠡᠷᠡᠭᠦᠯᠦᠭᠰᠡᠨ | ᠠᠰᠠᠭᠤᠳᠠᠯ ᠤᠨ ᠨᠠᠷᠢᠨ ᠬᠠᠭᠤᠳᠠᠰᠤ ᠶᠢ 5 ᠡᠳᠦᠷ ᠤᠨ ᠳᠣᠲᠣᠷ᠎ᠠ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠳᠤ ᠪᠠᠭᠤᠯᠭᠠᠬᠤ ᠬᠡᠷᠡᠭᠲᠡᠢ︔ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠠᠰᠠᠭᠤᠳᠠᠯ ᠤᠨ ᠨᠠᠷᠢᠨ ᠬᠠᠭᠤᠳᠠᠰᠤ ᠶᠢ ᠬᠦᠯᠢᠶᠡᠨ ᠠᠪᠤᠭᠰᠠᠨ 5 ᠡᠳᠦᠷ ᠤᠨ ᠳᠣᠲᠣᠷ᠎ᠠ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠪᠠᠭᠤᠯᠭᠠᠨ᠎ᠠ︔ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠠᠯᠢ ᠶᠢᠨ ᠡᠬᠢ ᠪᠠᠶᠠᠯᠢᠭ ᠤᠨ | ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤ ᠨᠢ | ᠬᠠᠷᠭᠤᠭᠤᠯᠤᠨ ᠪᠠᠶᠢᠴᠠᠭᠠᠯᠭᠠᠵᠤ᠂ ᠬᠠᠤᠯᠢ ᠠᠴᠠ ᠵᠥᠷᠢᠴᠡᠭᠰᠡᠨ ᠢ ᠨᠢ ᠨᠤᠲᠠᠯᠠᠭᠰᠠᠨ ᠪᠣᠯ᠂ ᠬᠤᠰᠢᠭᠤ ᠰᠢᠶᠠᠨ ︵ | ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠴᠠᠭ | ᠲᠤᠬᠠᠢ ᠳᠤ ᠨᠢ ᠰᠢᠢᠳᠪᠦᠷᠢᠯᠡᠬᠦ ᠶᠢᠨ ᠬᠠᠮᠲᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠨᠢ ᠲᠣᠭᠲᠠᠭᠠᠭᠰᠠᠨ ᠴᠠᠭ ᠬᠢᠵᠠᠭᠠᠷ ᠤᠨ ᠶᠣᠰᠣᠭᠠᠷ ᠬᠠᠷᠭᠤᠭᠤᠯᠤᠨ ᠪᠠᠶᠢᠴᠠᠭᠠᠵᠤ | ᠰᠢᠢᠳᠪᠦᠷᠢᠯᠡᠭᠰᠡᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠳᠤ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠨᠢ ᠠᠰᠠᠭᠤᠳᠠᠯ ᠤᠨ ᠨᠠᠷᠢᠨ ᠬᠠᠭᠤᠳᠠᠰᠤ ᠶᠢ ᠪᠠᠭᠤᠯᠭᠠᠭᠰᠠᠨ ᠠᠬᠢᠴᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠪᠣᠯᠣᠨ ᠰᠤᠮᠤ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ | ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠰᠢᠮᠳᠠᠭᠤᠯᠤᠨ ᠪᠠᠶᠢᠴᠠᠭᠠᠵᠤ᠂ ᠴᠠᠭ | ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠦᠭᠡᠢ ᠪᠠᠶᠢᠬᠤ ᠶᠢ ᠣᠯᠵᠤ ᠮᠡᠳᠡᠪᠡᠯ ᠲᠣᠰ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ ᠳᠡᠭᠡᠳᠦ | ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ | ᠮᠡᠳᠡᠭᠦᠯᠬᠦ ᠬᠡᠷᠡᠭᠲᠡᠢ᠃ | ︵ᠲᠠᠪᠤ︶ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠂ | ᠰᠤᠮᠤ ᠰᠢᠶᠠᠩ ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ | ᠪᠠᠶᠢᠭᠤᠯᠤᠮᠵᠢ ᠪᠣᠯ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠣᠯ | ᠴᠣᠭᠴᠠ ᠪᠣᠯᠣᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠬᠡᠷᠡᠭᠵᠢᠭᠦᠯᠬᠦ ᠬᠦᠴᠦᠨ ᠢᠶᠠᠨ | ᠦᠨᠡᠨ ᠬᠦ ᠴᠢᠩᠭᠠᠷᠠᠭᠤᠯᠵᠤ᠂ ᠢᠯᠠᠩᠭᠤᠶ᠎ᠠ ᠰᠤᠮᠤ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠂ ᠬᠢᠨᠠᠨ ᠰᠡᠷᠭᠡᠶᠢᠯᠡᠬᠦ ᠠᠵᠢᠯ ᠢ ᠤᠷᠢᠳ ᠢᠶᠠᠷ ᠬᠢᠬᠦ᠂ ᠭᠤᠣᠯᠳᠠᠯᠭ᠎ᠠ ᠪᠠᠨ | ᠦᠨᠳᠦᠰᠦᠨ ᠱᠠᠲᠤᠨ ᠳᠤ ᠰᠢᠯᠵᠢᠭᠦᠯᠬᠦ ᠶᠢ ᠠᠬᠢᠭᠤᠯᠵᠤ᠂ ᠲᠠᠷᠢᠶᠠᠯᠠᠬᠤ ᠭᠠᠵᠠᠷ ᠤᠨ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ ᠪᠠᠶᠢᠭᠤᠯᠤᠮᠵᠢ ᠨᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ | ᠪᠠᠶᠢᠴᠠᠭᠠᠵᠤ᠂ ᠴᠢᠬᠤᠯᠠ ᠶᠡᠭᠡ ᠨᠡᠶᠢᠲᠡᠯᠢᠭ ᠬᠡᠷᠡᠭ ᠢ ᠢᠯᠡ ᠪᠠᠷ ᠨᠡᠪᠲᠡᠷᠡᠭᠦᠯᠦᠨ ᠮᠡᠳᠡᠭᠡᠯᠡᠬᠦ ᠪᠠ ᠨᠡᠷᠡᠯᠡᠨ ᠵᠢᠭᠠᠵᠤ | ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ | ᠵᠢᠯ ᠪᠦᠷᠢ ᠬᠠᠤᠯᠢ ᠠᠴᠠ ᠵᠥᠷᠢᠴᠡᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠲᠠᠯᠠᠪᠠᠶ ᠶᠢᠨ ᠬᠠᠷᠢᠴᠠᠯ ᠢᠶᠠᠷ | ᠥᠨᠳᠥᠷ᠂ ᠲᠠᠷᠢᠶᠠᠯᠠᠬᠤ ᠪᠠᠨ ᠪᠣᠯᠢᠵᠤ ᠠᠲᠠᠷᠰᠢᠭᠤᠯᠤᠭᠰᠠᠨ ᠢᠶᠠᠷ ᠬᠦᠨᠳᠦ ᠨᠣᠴᠢᠲᠠᠢ ᠡᠳᠦᠢ ᠲᠡᠳᠦᠢ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠰᠣᠩᠭᠤᠵᠤ ᠰᠢᠮᠳᠠᠭᠤᠯᠤᠨ ᠪᠠᠶᠢᠴᠠᠭᠠᠭᠰᠠᠨ ᠰᠠᠨᠠᠯ ᠤᠨ | ᠪᠢᠴᠢᠭ ᠪᠠᠭᠤᠯᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠦᠶ᠋ᠯᠡ ᠪᠠᠶᠢᠳᠠᠯ ᠨᠢ | ᠬᠦᠨᠳᠦ ᠨᠣᠴᠢᠲᠠᠢ ᠪᠣᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠬᠠᠮᠢᠶ᠎ᠠ | ᠪᠦᠬᠦᠢ ᠬᠠᠷᠢᠭᠤᠴᠠᠯᠭᠠᠲᠠᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠪᠦᠷᠢᠯᠡᠯᠲᠡ ᠥᠭᠬᠦ ᠪᠠᠷ | ᠳᠤᠷᠠᠳᠤᠨ ᠳᠡᠪᠰᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ | ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠰᠦᠢᠳᠬᠡᠵᠦ ᠬᠠᠤᠯᠢ ᠠᠴᠠ | ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠯᠵᠢᠭᠦᠯᠦᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ | ᠬᠦᠴᠦᠲᠡᠢ ᠳᠠᠷᠤᠯᠲᠠ ᠦᠵᠡᠭᠦᠯᠦᠨ ᠰᠦᠷᠳᠡᠭᠦᠯᠬᠦ ᠪᠠᠶᠢᠳᠠᠯ ᠢ ᠪᠣᠶ ᠪᠣᠯᠭᠠᠬᠤ ᠬᠡᠷᠡᠭᠲᠡᠢ᠃ | ᠬᠤᠶᠠᠷ᠂ ᠲᠠᠷᠢᠶᠠᠯᠠᠬᠤ ᠭᠠᠵᠠᠷ ᠤᠨ ᠲᠥᠯᠦᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠪᠠᠨ ᠪᠦᠬᠦ | ᠲᠠᠯ᠎ᠠ ᠪᠠᠷ ᠴᠢᠩᠭᠠᠳᠬᠠᠨ᠎ᠠ | ︵ᠵᠢᠷᠭᠤᠭ᠎ᠠ︶ ᠲᠠᠷᠢᠶᠠᠯᠠᠬᠤ ᠭᠠᠵᠠᠷ ᠤᠨ ᠲᠥᠯᠦᠪᠵᠢᠭᠦᠯᠭᠡ ᠶᠢ ᠬᠠᠮᠢᠶᠠᠷᠤᠨ ᠡᠵᠡᠮᠳᠡᠬᠦ ᠪᠠᠨ ᠪᠥᠬᠦ ᠲᠠᠯ᠎ᠠ ᠪᠠᠷ | ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠢ ᠭᠤᠷᠪᠠᠨ | ᠲᠦᠷᠦᠯ ᠤᠨ ᠣᠷᠣᠨ ᠵᠠᠢ ᠶᠢ ᠵᠦᠢ ᠵᠣᠬᠢᠰᠲᠠᠢ ᠬᠤᠪᠢᠶᠠᠷᠢᠯᠠᠨ ᠲᠣᠭᠲᠠᠭᠠᠵᠤ᠂ ᠭᠠᠵᠠᠷ ᠰᠢᠷᠣᠢ ᠶᠢᠨ ᠬᠡᠷᠡᠭᠴᠡᠭᠡ ᠶᠢ | ᠵᠠᠬᠢᠷᠤᠨ ᠬᠠᠮᠢᠶᠠᠷᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠨᠡᠮᠡᠭᠳᠡᠭᠦᠯᠬᠦ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠭᠠᠵᠠᠷ ᠰᠢᠷᠣᠢ ᠶᠢ | ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠴᠢᠳᠠᠪᠤᠷᠢ ᠯᠤᠭ᠎ᠠ | ᠬᠤᠯᠪᠣᠭᠳᠠᠭᠤᠯᠬᠤ ᠪᠣᠳᠣᠯᠭ᠎ᠠ ᠶᠢ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠦᠯᠡᠳᠡᠭᠡᠯ | ᠬᠡᠪᠴᠢᠶ᠎ᠡ ᠨᠢ ᠨᠡᠯᠢᠶᠡᠳ ᠶᠡᠭᠡ᠂ ᠠᠰᠢᠭᠯᠠᠯᠲᠠ ᠪᠦᠳᠦᠭᠦᠯᠢᠭ᠂ ᠲᠠᠷᠢᠶᠠᠯᠠᠬᠤ ᠭᠠᠵᠠᠷ ᠤᠨ ᠨᠥᠭᠡᠴᠡ ᠡᠬᠢ ᠪᠠᠶᠠᠯᠢᠭ | ᠬᠦᠷᠦᠯᠴᠡᠬᠦ ᠦᠭᠡᠢ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠲᠥᠯᠥᠪᠯᠡᠭᠡ ᠶᠢ ᠵᠦᠢ ᠵᠣᠬᠢᠰᠲᠠᠢ ᠲᠣᠬᠢᠷᠠᠭᠤᠯᠤᠨ ᠬᠠᠰᠤᠵᠤ᠂ ᠡᠯ᠎ᠡ ᠲᠥᠷᠥᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠬᠤ ᠭᠠᠵᠠᠷ ᠢ ᠠᠯᠢ | ᠴᠢᠳᠠᠬᠤ ᠪᠠᠷ ᠡᠵᠡᠯᠡᠭᠦᠯᠬᠦ ᠦᠭᠡᠢ ᠪᠤᠶᠤ ᠳᠤᠲᠠᠭᠤ ᠡᠵᠡᠯᠡᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠲᠠᠯ᠎ᠠ ᠶᠢᠨ ᠨᠤᠲᠠᠯᠠᠯᠲᠠ ᠶᠢ ᠴᠢᠩᠭᠠᠳᠬᠠᠵᠤ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠡᠵᠡᠯᠡᠨ ᠬᠡᠷᠡᠭᠯᠡᠬᠦ ᠲᠠᠷᠢᠶᠠᠯᠠᠬᠤ ᠭᠠᠵᠠᠷ ᠤᠨ ᠬᠡᠪᠴᠢᠶ᠎ᠡ ᠶᠢ ᠴᠢᠩᠭ᠎ᠠ | ᠬᠠᠷᠭᠤᠭᠤᠯᠤᠨ ᠲᠣᠭᠲᠠᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠠᠴᠠ ᠵᠥᠷᠢᠴᠡᠨ ᠳᠤᠷ᠎ᠠ ᠪᠠᠷ ᠢᠶᠠᠨ ᠭᠠᠵᠠᠷ ᠰᠣᠩᠭᠤᠵᠤ | ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠠᠵᠢᠯ ᠢ ᠱᠠᠭᠠᠷᠳᠠᠯᠭ᠎ᠠ ᠶᠣᠰᠣᠭᠠᠷ ᠥᠷᠨᠢᠭᠦᠯᠵᠦ᠂ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠶᠢᠨ ᠣᠨᠣᠪᠴᠢᠲᠤ ᠴᠢᠨᠠᠷ᠂ ᠰᠢᠨᠵᠢᠯᠡᠬᠦ | ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠲᠠᠷᠢᠶᠠᠯᠠᠬᠤ ᠭᠠᠵᠠᠷ ᠢᠯᠠᠩᠭᠤᠶ᠎ᠠ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ | ︵ᠳᠣᠯᠤᠭ᠎ᠠ︶ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠᠨ ᠪᠥᠬᠦ ᠲᠠᠯ᠎ᠠ ᠪᠠᠷ | ᠴᠢᠩᠭᠠᠳᠬᠠᠨ᠎ᠠ᠃ ᠲᠠᠷᠢᠶᠠᠯᠠᠬᠤ ᠭᠠᠵᠠᠷ ᠢ | ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠬᠤ ᠲᠤᠬᠠᠢ ᠲᠥᠪ ᠤᠨ ᠬᠠᠮᠢᠶ᠎ᠠ ᠪᠦᠬᠦᠢ ᠲᠣᠭᠲᠠᠭᠠᠯ ᠢ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠴᠢᠩᠭ᠎ᠠ ᠴᠠᠭᠠᠵᠠᠯᠠᠬᠤ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ | ᠬᠡᠷᠡᠭᠲᠡᠢ᠃ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠠ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠵᠠᠬᠢᠷᠤᠨ ᠬᠠᠮᠢᠶᠠᠷᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ | ᠶᠢ ᠬᠤᠷᠢᠭᠯᠠᠨ ᠵᠣᠭᠰᠣᠭᠠᠵᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ | ᠬᠤᠷᠢᠭᠯᠠᠨ᠎ᠠ᠃ ᠲᠠᠷᠢᠶᠠᠯᠠᠬᠤ ᠭᠠᠵᠠᠷ ᠢ ᠠᠰᠢᠭᠯᠠᠬᠤ ᠲᠡᠷᠢᠭᠦᠨ ᠤ ᠲᠡᠰ ᠳᠠᠷᠠᠭᠠᠯᠠᠯ ᠢ ᠲᠣᠳᠣᠷᠬᠠᠶᠢᠯᠠᠵᠤ᠂ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭ᠎ᠠ ᠢᠯᠠᠩᠭᠤᠶ᠎ᠠ ᠬᠦᠨᠡᠰᠦᠨ ᠠᠮᠤ ᠶᠢᠨ | ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠵᠦ᠂ ᠡᠩ ᠤᠨ ᠲᠠᠷᠢᠶᠠᠯᠠᠬᠤ ᠭᠠᠵᠠᠷ ᠢ ᠭᠤᠣᠯᠳᠠᠭᠤ ᠠᠮᠤ ᠪᠤᠳᠠᠭ᠎ᠠ | ᠪᠠ ᠬᠥᠪᠥᠩ᠂ ᠲᠣᠰᠣ᠂ ᠰᠢᠬᠢᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠡᠵᠢᠭᠡᠯ | ᠡᠪᠡᠰᠦ ᠪᠣᠷᠳᠣᠭᠠᠨ ᠤ ᠦᠢᠯᠡᠳᠪᠦᠷᠢᠯᠡᠯ ᠳᠤ ᠬᠡᠷᠡᠭᠯᠡᠨ᠎ᠡ᠃ ᠡᠩ ᠤᠨ ᠲᠠᠷᠢᠶᠠᠯᠠᠬᠤ ᠭᠠᠵᠠᠷ ᠢ ᠲᠠᠷᠢᠶᠠᠯᠠᠩ ᠳᠤ | ᠬᠡᠷᠡᠭᠯᠡᠬᠦ ᠪᠤᠰᠤᠳ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠠᠮᠢᠶᠠᠷᠤᠨ ᠡᠵᠡᠮᠳᠡᠨ᠎ᠡ᠃ ᠲᠠᠷᠢᠶᠠᠯᠠᠬᠤ ᠭᠠᠵᠠᠷ ᠢ | ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠪᠣᠯᠭᠠᠨ ᠬᠤᠪᠢᠷᠠᠭᠤᠯᠬᠤ ᠵᠢᠴᠢ ᠲᠠᠷᠢᠶᠠᠯᠠᠩ ᠤᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠬᠤ ᠳᠤ ᠣᠨ ᠤ ︽ᠡᠵᠡᠯᠡᠬᠦ ᠪᠠ ᠨᠥᠬᠦᠪᠦᠷᠢᠯᠡᠬᠦ ᠶᠢ | ᠲᠡᠩᠴᠡᠭᠦᠷᠢᠰᠢᠭᠦᠯᠬᠦ︾ ᠶᠢ ᠬᠡᠷᠡᠭᠵᠢᠭᠦᠯᠦᠨ᠎ᠡ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠲᠠᠷᠢᠶᠠᠯᠠᠬᠤ ᠭᠠᠵᠠᠷ ᠤᠨ ᠣᠨ ᠤ ︽ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ︾ | ᠶᠡᠷᠦᠩᠬᠡᠢ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠰᠢᠭᠤ ᠰᠢᠶᠠᠨ ᠤ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ | ︽ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ︾ ᠶᠢ ᠡᠩ ᠲᠡᠷᠢᠭᠦᠨ ᠳᠤ ᠬᠤᠰᠢᠭᠤ ᠰᠢᠶᠠᠨ ᠤ | ᠬᠡᠪᠴᠢᠶᠡᠨ ᠳᠤ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠤ ᠬᠡᠪᠴᠢᠶᠡᠨ ᠳᠤ ᠨᠠᠶᠢᠳᠠᠪᠤᠷᠢᠵᠢᠭᠤᠯᠬᠤ ᠶᠢᠨ ᠠᠷᠭ᠎ᠠ | ᠦᠭᠡᠢ ᠶᠢ ᠨᠢ ᠠᠶᠢᠮᠠᠭ ᠬᠤᠲᠠ ᠶᠢᠨ ᠬᠡᠪᠴᠢᠶᠡᠨ ᠳᠤ ᠨᠠᠶᠢᠳᠠᠪᠤᠷᠢᠵᠢᠭᠤᠯᠬᠤ ᠬᠡᠷᠡᠭᠲᠡᠢ︔ ᠠᠶᠢᠮᠠᠭ ᠬᠤᠲᠠ ᠶᠢᠨ | ᠬᠡᠪᠴᠢᠶᠡᠨ ᠳᠤ ᠮᠥᠨ ᠴᠦ ᠨᠠᠶᠢᠳᠠᠪᠤᠷᠢᠵᠢᠭᠤᠯᠬᠤ ᠶᠢᠨ ᠠᠷᠭ᠎ᠠ ᠦᠭᠡᠢ ᠪᠣᠯ᠂ ᠥᠪᠡᠷᠲᠡᠭᠡᠨ ᠵᠠᠰᠠᠬᠤ ᠣᠷᠣᠨ ᠤ | ᠬᠡᠪᠴᠢᠶᠡᠨ ᠳᠤ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠤᠨ᠎ᠠ᠃ | ︵ᠨᠠᠢᠮᠠ︶ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ ᠴᠢᠩᠭᠠᠷᠠᠭᠤᠯᠤᠨ᠎ᠠ᠃ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ | ᠨᠡᠮᠡᠭᠳᠡᠭᠦᠯᠵᠦ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠪᠠ ᠬᠠᠮᠠᠭᠠᠯᠠᠬᠤ ᠶᠢ | ᠴᠢᠩᠳᠠᠯᠠᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠤ | ᠲᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠤᠷ᠎ᠠ ᠪᠠᠷ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ | ᠬᠤᠪᠢᠷᠠᠭᠤᠯᠵᠤ ᠪᠣᠯᠬᠤ ᠦᠭᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ | ᠰᠠᠯᠠᠭ᠎ᠠ ᠮᠥᠴᠢᠷ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ︾ ᠪᠣᠯᠣᠨ ︽ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ | ᠴᠢᠩᠭ᠎ᠠ ᠨᠠᠶᠢᠳᠠᠪᠤᠷᠢᠵᠢᠭᠤᠯᠵᠤ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠢ ᠡᠵᠡᠯᠡᠨ ᠬᠡᠷᠡᠭᠯᠡᠵᠦ ᠤᠭᠤᠷᠬᠠᠢ ᠪᠠᠷᠢᠬᠤ᠂ ᠭᠡᠷ ᠪᠠᠷᠢᠬᠤ᠂ ᠪᠤᠯᠠᠰᠢ ᠶᠢᠨ ᠭᠠᠵᠠᠷ ᠪᠣᠯᠭᠠᠬᠤ᠂ ᠬᠠᠶᠢᠷ | ᠮᠠᠯᠲᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠲᠠᠬᠤ᠂ ᠰᠢᠷᠣᠢ ᠠᠪᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ | ᠣᠪᠣᠭᠠᠯᠠᠬᠤ ᠪᠤᠶᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠦᠢᠳᠬᠡᠬᠦ ᠪᠤᠰᠤᠳ ᠦᠢᠯᠡ ᠠᠵᠢᠯᠯᠠᠭ᠎ᠠ ᠶᠢ | ᠴᠢᠩᠭ᠎ᠠ ᠴᠠᠭᠠᠵᠠᠯᠠᠨ᠎ᠠ᠃ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ ᠬᠠᠰᠢᠶ᠎ᠠ ᠵᠡᠷᠭᠡ | ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠵᠢᠴᠢ ᠲᠠᠷᠢᠶᠠᠯᠠᠩ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠵᠤ ᠪᠣᠯᠬᠤ ᠦᠭᠡᠢ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ | ᠡᠵᠡᠯᠡᠨ ᠬᠡᠷᠡᠭᠯᠡᠵᠦ ᠣᠶ ᠵᠢᠮᠢᠰ ᠤᠨ ᠦᠢᠯᠡᠰ ᠢ ᠬᠥᠭᠵᠢᠭᠦᠯᠬᠦ ᠪᠠ ᠨᠠᠭᠤᠷ ᠮᠠᠯᠲᠠᠵᠤ ᠵᠢᠭᠠᠰᠤ ᠲᠡᠵᠢᠭᠡᠬᠦ ᠶᠢ ᠴᠢᠩᠭ᠎ᠠ | ᠴᠠᠭᠠᠵᠠᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠴᠢᠬᠢ ᠮᠣᠳᠣ᠂ ᠬᠥᠷᠥᠰᠥ | ᠤᠷᠭᠤᠮᠠᠯ ᠵᠡᠷᠭᠡ ᠨᠣᠭᠤᠭᠠᠷᠠᠭᠤᠯᠵᠤ ᠴᠢᠮᠡᠭᠯᠡᠬᠦ ᠳᠤ ᠬᠡᠷᠡᠭᠯᠡᠬᠦ ᠵᠢᠴᠢ ᠲᠠᠷᠢᠶᠠᠯᠠᠬᠤ ᠳᠠᠪᠬᠤᠷᠭ᠎ᠠ ᠶᠢ ᠡᠪᠳᠡᠬᠦ ᠪᠤᠰᠤᠳ | ᠤᠷᠭᠤᠮᠠᠯ ᠲᠠᠷᠢᠵᠤ ᠵᠠᠶᠢᠯᠠᠬᠤ ᠶᠢ ᠴᠢᠩᠭ᠎ᠠ ᠴᠠᠭᠠᠵᠠᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ | ᠬᠡᠷᠡᠭᠯᠡᠵᠦ ᠨᠠᠭᠤᠷ ᠮᠠᠯᠲᠠᠵᠤ ᠦᠵᠡᠮᠵᠢ ᠭᠠᠷᠭᠠᠬᠤ᠂ ᠨᠣᠭᠤᠭᠠᠷᠠᠭᠤᠯᠤᠯᠲᠠ ᠶᠢᠨ ᠪᠦᠰᠡ ᠪᠠᠶᠢᠭᠤᠯᠬᠤ ᠶᠢ ᠴᠢᠩᠭ᠎ᠠ | ᠴᠠᠭᠠᠵᠠᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠮᠠᠯ ᠵᠢᠭᠦᠷᠲᠡᠨ ᠲᠡᠵᠢᠭᠡᠨ | ᠦᠷᠡᠵᠢᠭᠦᠯᠬᠦ ᠪᠡᠯᠡᠳᠬᠡᠮᠵᠢ᠂ ᠤᠰᠤᠨ ᠭᠠᠷᠤᠯᠲᠠ ᠲᠡᠵᠢᠭᠡᠨ ᠦᠷᠡᠵᠢᠭᠦᠯᠬᠦ ᠪᠡᠯᠡᠳᠬᠡᠮᠵᠢ ᠪᠠᠶᠢᠭᠤᠯᠬᠤ ᠪᠠ ᠲᠠᠷᠢᠶᠠᠯᠠᠬᠤ | ᠳᠠᠪᠬᠤᠷᠭ᠎ᠠ ᠶᠢ ᠡᠪᠳᠡᠬᠦ ᠲᠠᠷᠢᠮᠠᠯ ᠤᠨ ᠦᠢᠯᠡᠰ ᠤᠨ ᠪᠡᠯᠡᠳᠬᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ | ᠴᠠᠭᠠᠵᠠᠯᠠᠨ᠎ᠠ᠃ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠡᠯ᠎ᠡ ᠲᠦᠷᠦᠯ ᠤᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠯ ᠳᠠᠬᠢ ᠬᠢᠵᠠᠭᠠᠷᠯᠠᠯ ᠢ ᠴᠢᠩᠭᠠᠳᠬᠠᠨ᠎ᠠ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠰᠠᠭᠤᠷᠢ ᠪᠡᠯᠡᠳᠬᠡᠮᠵᠢ᠂ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠢ ᠪᠠᠶᠢᠷᠢᠰᠢᠭᠤᠯᠬᠤ ᠳᠤ ᠪᠠᠨ ᠡᠷᠬᠡᠪᠰᠢ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠯᠤᠭ᠎ᠠ ᠭᠦᠢᠴᠡᠳ ᠵᠣᠯᠭᠠᠭᠤᠯᠵᠤ᠂ ᠵᠠᠷᠴᠢᠮ ᠳᠡᠭᠡᠷ᠎ᠡ ᠪᠠᠨ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠢᠵᠠᠭᠠᠷ ᠢ ᠳᠠᠪᠠᠵᠤ ᠪᠣᠯᠬᠤ ᠦᠭᠡᠢ᠃ ᠡᠨᠧᠷᠭᠢ᠂ ᠵᠠᠮ | ᠬᠠᠷᠢᠯᠴᠠᠭ᠎ᠠ᠂ ᠤᠰᠤᠨ ᠠᠰᠢᠭᠯᠠᠯᠲᠠ᠂ ᠴᠡᠷᠢᠭ ᠤᠨ ᠶᠠᠪᠤᠳᠠᠯ ᠤᠨ ᠪᠡᠯᠡᠳᠬᠡᠮᠵᠢ ᠵᠡᠷᠭᠡ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠰᠣᠩᠭᠤᠬᠤ ᠭᠠᠵᠠᠷ ᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ | ᠵᠠᠶᠢᠯᠠᠭᠤᠯᠬᠤ ᠳᠤ ᠦᠨᠡᠬᠡᠷ ᠬᠦᠴᠢᠷᠲᠡᠢ ᠪᠠᠶᠢᠪᠠᠯ᠂ ᠡᠷᠬᠡᠪᠰᠢ ᠪᠣᠯᠣᠮᠵᠢᠲᠤ ᠴᠢᠨᠠᠷ ᠤᠨ ᠰᠤᠳᠤᠯᠤᠯ ᠤᠨ ᠱᠠᠲᠤᠨ ᠳᠤ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢᠨ ᠴᠢᠬᠤᠯᠠ ᠴᠢᠨᠠᠷ᠂ ᠵᠦᠢ ᠶᠣᠰᠣᠴᠢ ᠴᠢᠨᠠᠷ | ᠪᠠ ᠨᠥᠬᠦᠪᠦᠷᠢᠯᠡᠨ ᠬᠤᠪᠢᠶᠠᠷᠢᠯᠠᠬᠤ ᠲᠥᠰᠥᠯ ᠤᠨ ᠪᠣᠯᠣᠮᠵᠢᠲᠤ ᠴᠢᠨᠠᠷ ᠲᠤ ᠴᠢᠩᠭ᠎ᠠ ᠨᠤᠲᠠᠯᠠᠯᠲᠠ ᠬᠢᠵᠦ᠂ ᠬᠠᠤᠯᠢ | ᠶᠣᠰᠣᠭᠠᠷ ᠵᠥᠪᠰᠢᠶᠡᠷᠡᠭᠦᠯᠬᠦ ᠶᠢᠨ ᠬᠠᠮᠲᠤ ᠬᠡᠷᠡᠭᠯᠡᠭᠰᠡᠨ ᠭᠠᠵᠠᠷ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠶᠢ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠤᠷᠳᠤ ᠬᠤᠭᠤᠴᠠᠭ᠎ᠠ ᠪᠠᠷ ᠲᠣᠭᠲᠠᠪᠤᠷᠢᠲᠠᠢ ᠠᠰᠢᠭᠯᠠᠵᠤ ᠪᠣᠯᠬᠤ | ᠲᠠᠷᠢᠶᠠᠯᠠᠬᠤ ᠭᠠᠵᠠᠷ ᠲᠤ ᠨᠥᠬᠦᠪᠦᠷᠢᠯᠡᠨ ᠬᠤᠪᠢᠶᠠᠷᠢᠯᠠᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ | ᠂ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ | ᠳᠤᠷ᠎ᠠ ᠪᠠᠷ ᠲᠣᠬᠢᠷᠠᠭᠤᠯᠬᠤ ᠪᠠᠷ ᠳᠠᠮᠵᠢᠭᠤᠯᠤᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ | ᠬᠡᠷᠡᠭᠯᠡᠬᠦ ᠪᠠᠨ ᠬᠢᠨᠠᠨ ᠵᠥᠪᠰᠢᠶᠡᠷᠡᠭᠦᠯᠬᠦ ᠠᠴᠠ ᠵᠠᠶᠢᠯᠠᠬᠤ ᠶᠢ ᠴᠢᠩᠭ᠎ᠠ ᠴᠠᠭᠠᠵᠠᠯᠠᠨ᠎ᠠ᠃ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠪᠠᠶᠢᠯᠭᠠᠬᠤ᠂ ᠠᠲᠠᠷᠰᠢᠭᠤᠯᠬᠤ ᠶᠢ ᠴᠠᠭᠠᠵᠠᠯᠠᠨ᠎ᠠ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠠᠴᠠ ᠵᠠᠶᠢᠯᠠᠭᠤᠯᠬᠤ ᠬᠡᠷᠡᠭᠲᠡᠢ᠃ | ︵ᠶᠢᠰᠦ︶ ᠲᠠᠷᠢᠶᠠᠴᠢᠳ ᠮᠠᠯᠴᠢᠳ ᠤᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠵᠦ ᠭᠡᠷ ᠪᠠᠷᠢᠬᠤ ᠳᠠᠬᠢ | ᠬᠠᠮᠢᠶᠠᠷᠤᠯᠲᠠ ᠶᠢ ᠴᠢᠩᠳᠠᠯᠠᠨ᠎ᠠ᠃ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠢᠳᠡᠪᠬᠢᠲᠡᠢ ᠡᠮᠬᠢ ᠵᠢᠷᠤᠮ ᠲᠠᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠴᠡᠭ ᠲᠤ | ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠪᠣᠯᠣᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ | ᠲᠣᠭᠲᠠᠭᠠᠬᠤ ᠬᠡᠷᠡᠭᠲᠡᠢ᠃ ᠲᠠᠷᠢᠶᠠᠴᠢᠳ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠥᠪᠯᠡᠷᠡᠭᠦᠯᠦᠨ ᠭᠡᠷ | ᠪᠠᠷᠢᠬᠤ ᠪᠤᠶᠤ ᠪᠠᠭᠤᠷᠢ ᠳᠡᠭᠡᠷ᠎ᠡ ᠨᠢ ᠳᠠᠬᠢᠨ ᠪᠠᠷᠢᠭᠤᠯᠵᠤ᠂ ᠠᠶᠢᠯ ᠲᠣᠰᠬᠤᠨ ᠤ ᠳᠣᠲᠣᠭᠠᠳᠤ ᠳᠠᠬᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠪᠠ ᠠᠰᠢᠭᠯᠠᠭᠠᠳᠤᠢ ᠭᠠᠵᠠᠷ ᠢ ᠭᠦᠢᠴᠡᠳ ᠠᠰᠢᠭᠯᠠᠨ᠂ | ᠲᠠᠷᠢᠶᠠᠯᠠᠬᠤ ᠭᠠᠵᠠᠷ ᠢ ᠠᠯᠢ ᠴᠢᠳᠠᠬᠤ ᠪᠠᠷ ᠡᠵᠡᠯᠡᠭᠦᠯᠬᠦ ᠦᠭᠡᠢ ᠪᠤᠶᠤ ᠪᠠᠭ᠎ᠠ ᠡᠵᠡᠯᠡᠭᠦᠯᠦᠨ᠎ᠡ᠃ ᠲᠠᠷᠢᠶᠠᠴᠢᠳ | ᠮᠠᠯᠴᠢᠳ ᠭᠡᠷ ᠪᠠᠷᠢᠬᠤ ᠳᠤ ᠪᠠᠨ ᠵᠥᠪᠰᠢᠶᠡᠷᠡᠯ ᠢᠶᠠᠷ ᠳᠠᠮᠵᠢᠭᠠᠳ ᠲᠠᠷᠢᠶᠠᠯᠠᠬᠤ ᠭᠠᠵᠠᠷ ᠢ ᠦᠨᠡᠨ ᠬᠦ ᠡᠵᠡᠯᠡᠨ | ᠬᠡᠷᠡᠭᠯᠡᠬᠦ ᠴᠢᠬᠤᠯᠠ ᠲᠠᠢ ᠪᠣᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠠᠴᠠ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ | ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ | ᠭᠡᠷ ᠪᠠᠷᠢᠬᠤ ᠶᠢ ᠴᠢᠩᠭ᠎ᠠ ᠴᠠᠭᠠᠵᠠᠯᠠᠵᠤ᠂ ︽ᠨᠢᠭᠡ ᠡᠷᠦᠬᠡ ᠳᠤ ᠨᠢᠭᠡ ᠣᠷᠣᠨ ᠰᠠᠭᠤᠴᠠ ᠶᠢᠨ ᠰᠠᠭᠤᠷᠢ ᠭᠠᠵᠠᠷ ᠲᠠᠢ | ᠪᠠᠶᠢᠬᠤ︾ ᠳᠦᠷᠢᠮ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠣᠷᠣᠨ ᠰᠠᠭᠤᠴᠠ ᠶᠢᠨ | ᠰᠠᠭᠤᠷᠢ ᠭᠠᠵᠠᠷ ᠤᠨ ᠲᠠᠯᠠᠪᠠᠶ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠴᠢᠳ ᠮᠠᠯᠴᠢᠳ ᠤᠨ ᠣᠷᠣᠨ ᠰᠠᠭᠤᠴᠠ ᠳᠤ ᠬᠡᠷᠡᠭᠯᠡᠬᠦ | ᠭᠠᠵᠠᠷ ᠢ ᠬᠢᠨᠠᠨ ᠵᠥᠪᠰᠢᠶᠡᠷᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠠᠷᠢᠶᠠᠴᠢᠳ ᠮᠠᠯᠴᠢᠳ ᠤᠨ ᠭᠡᠷ | ᠪᠠᠷᠢᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠢᠯᠠᠩᠭᠤᠶ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠨᠢ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠳᠡᠭᠡᠳᠦ ᠳᠣᠣᠷᠠᠳᠤ | ᠱᠠᠲᠤ ᠶᠢᠨ ᠬᠢᠨ ᠬᠤᠯᠪᠤᠭᠠᠯᠠᠨ ᠬᠥᠳᠡᠯᠦᠯᠴᠡᠭᠰᠡᠨ᠂ ᠬᠠᠮᠵᠢᠯᠴᠠᠨ ᠬᠠᠪᠰᠤᠷᠤᠯᠴᠠᠭᠰᠠᠨ᠂ ᠴᠤᠭᠭᠠᠷ ᠠᠳᠬᠤᠵᠤ | ᠬᠠᠮᠲᠤ ᠳᠤ ᠨᠢ ᠬᠠᠮᠢᠶᠠᠷᠤᠭᠰᠠᠨ ᠲᠠᠷᠢᠶᠠᠴᠢᠳ ᠮᠠᠯᠴᠢᠳ ᠤᠨ ᠭᠡᠷ ᠪᠠᠷᠢᠬᠤ ᠶᠢ ᠬᠠᠮᠢᠶᠠᠷᠤᠨ ᠡᠵᠡᠮᠳᠡᠬᠦ ᠪᠠᠶᠢᠷᠢᠰᠢᠯ ᠢ | ᠪᠣᠶ ᠪᠣᠯᠭᠠᠨ᠎ᠠ᠃ | ︵ᠠᠷᠪᠠ︶ ᠭᠠᠵᠠᠷ ᠰᠢᠷᠣᠢ ᠶᠢ ᠰᠢᠨᠵᠢᠭᠦᠯᠦᠨ ᠡᠷᠭᠢᠯᠳᠦᠭᠦᠯᠬᠦ ᠳᠤ ᠪᠠᠨ ︽ᠲᠠᠷᠢᠶᠠᠯᠠᠩ ᠤᠨ ᠪᠤᠰᠤ ᠪᠣᠯᠭᠠᠬᠤ︾ | ᠶᠢ ᠴᠢᠩᠭ᠎ᠠ ᠰᠡᠷᠭᠡᠶᠢᠯᠡᠨ᠎ᠡ᠃ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ | ᠡᠷᠭᠢᠯᠳᠦᠭᠦᠯᠬᠦ ᠳᠤ ᠪᠠᠨ ᠡᠷᠬᠡᠪᠰᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ | ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠳᠤ | ᠨᠡᠶᠢᠴᠡᠭᠰᠡᠨ ᠤᠷᠢᠲᠠᠯ ᠳᠣᠣᠷ᠎ᠠ ᠶᠠᠪᠤᠭᠳᠠᠭᠤᠯᠬᠤ ᠬᠡᠷᠡᠭᠲᠡᠢ᠃ ᠲᠠᠷᠢᠶᠠᠯᠠᠩ ᠤᠨ ᠭᠠᠵᠠᠷ ᠢ ᠲᠠᠷᠢᠶᠠᠯᠠᠩ ᠳᠤ | ᠬᠡᠷᠡᠭᠯᠡᠬᠦ ᠶᠢ ᠪᠠᠷᠢᠮᠲᠠᠯᠠᠵᠤ᠂ ᠲᠠᠷᠢᠶᠠᠯᠠᠩ ᠤᠨ ᠭᠠᠵᠠᠷ ᠢ ᠰᠢᠯᠵᠢᠭᠦᠯᠦᠨ ᠡᠷᠭᠢᠯᠳᠦᠭᠦᠯᠬᠦ ᠨᠡᠷ᠎ᠡ ᠪᠠᠷ ᠲᠠᠷᠢᠶᠠᠯᠠᠩ ᠤᠨ | ᠪᠤᠰᠤ ᠪᠦᠲᠦᠭᠡᠨ ᠪᠠᠶᠢᠭᠤᠯᠤᠯᠲᠠ ᠬᠢᠵᠦ ᠪᠣᠯᠬᠤ ᠦᠭᠡᠢ᠃ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠳᠤ | ᠲᠣᠬᠢᠷᠠᠭᠤᠯᠤᠯᠲᠠ ᠬᠢᠬᠦ ᠳᠤ ᠪᠠᠨ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠢ᠂ | ᠲᠠᠷᠢᠶᠠᠯᠠᠬᠤ ᠳᠠᠪᠬᠤᠷᠭ᠎ᠠ ᠶᠢ ᠡᠪᠳᠡᠵᠦ ᠪᠣᠯᠬᠤ ᠦᠭᠡᠢ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠭᠠᠵᠠᠷ ᠰᠢᠷᠣᠢ ᠡᠵᠡᠩᠨᠡᠬᠦ ᠡᠷᠬᠡᠲᠦ ᠬᠥᠮᠥᠨ ᠲᠠᠷᠢᠶᠠᠯᠠᠬᠤ ᠭᠠᠵᠠᠷ ᠢ | ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ᠂ | ᠠᠲᠠᠷᠰᠢᠭᠤᠯᠬᠤ᠂ ᠰᠤᠯᠠ ᠲᠠᠯᠪᠢᠬᠤ᠂ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠵᠢᠴᠢ ᠲᠠᠷᠢᠶᠠᠯᠠᠬᠤ | ᠭᠠᠵᠠᠷ ᠢ ᠰᠦᠢᠳᠬᠡᠬᠦ ᠪᠤᠰᠤᠳ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠭᠤᠷᠪᠠ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠮᠢᠶᠠᠷᠤᠯᠲᠠ ᠶᠢ | ᠴᠢᠩᠭᠠᠳᠬᠠᠨ᠎ᠠ | ︵ᠠᠷᠪᠠᠨ ᠨᠢᠭᠡ︶ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ | ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠡᠭᠦᠷᠭᠡ ᠲᠠᠢ | ᠨᠢᠭᠡᠴᠢ ᠨᠢ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠡᠭᠦᠷᠭᠡ ᠪᠠᠨ ᠡᠷᠬᠡᠪᠰᠢ ᠬᠠᠤᠯᠢ ᠶᠣᠰᠣᠭᠠᠷ ᠭᠦᠢᠴᠡᠳᠬᠡᠬᠦ | ᠬᠡᠷᠡᠭᠲᠡᠢ᠂ ᠲᠤᠭ᠎ᠠ ᠬᠡᠮᠵᠢᠶ᠎ᠡ᠂ ᠴᠢᠨᠠᠷ ᠢᠶᠠᠷ ᠵᠣᠬᠢᠴᠠᠯᠳᠤᠭᠰᠠᠨ ᠲᠠᠷᠢᠶᠠᠯᠠᠬᠤ ᠭᠠᠵᠠᠷ ᠢ ᠥᠪᠡᠷ ᠢᠶᠠᠨ ᠨᠥᠬᠦᠪᠦᠷᠢᠯᠡᠵᠦ | ᠳᠡᠶᠢᠯᠬᠦ ᠦᠭᠡᠢ ᠪᠠᠶᠢᠪᠠᠯ᠂ ᠲᠠᠷᠢᠶᠠᠯᠠᠬᠤ ᠭᠠᠵᠠᠷ ᠢ ᠬᠠᠭᠠᠯᠪᠤᠷᠢᠯᠠᠬᠤ ᠰᠦᠢᠳᠬᠡᠯ ᠢ ᠲᠣᠭᠲᠠᠭᠠᠯ ᠶᠣᠰᠣᠭᠠᠷ ᠭᠦᠢᠴᠡᠳ | ᠲᠤᠭ᠎ᠠ ᠪᠠᠷ ᠲᠤᠰᠢᠶᠠᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ | ᠡᠵᠡᠯᠡᠨ ᠬᠡᠷᠡᠭᠯᠡᠬᠦ ᠳᠤ ︽ᠤᠷᠢᠳ ᠢᠶᠠᠷ ᠨᠥᠬᠦᠪᠦᠷᠢᠯᠡᠵᠦ ᠳᠠᠷᠠᠭ᠎ᠠ ᠨᠢ ᠡᠵᠡᠯᠡᠬᠦ᠂ ᠨᠢᠭᠡ ᠬᠡᠰᠡᠭ ᠢ ᠡᠵᠡᠯᠡᠪᠡᠯ ᠲᠡᠷᠡ | ᠬᠡᠰᠡᠭ ᠢ ᠨᠢ ᠨᠥᠬᠦᠪᠦᠷᠢᠯᠡᠬᠦ᠂ ᠰᠠᠶᠢᠨ ᠭᠠᠵᠠᠷ ᠢ ᠡᠵᠡᠯᠡᠪᠡᠯ ᠰᠠᠶᠢᠨ ᠭᠠᠵᠠᠷ ᠢᠶᠠᠷ ᠨᠥᠬᠦᠪᠦᠷᠢᠯᠡᠬᠦ᠂ ᠤᠰᠤᠨ | ᠲᠠᠷᠢᠶ᠎ᠠ ᠶᠢ ᠡᠵᠡᠯᠡᠪᠡᠯ ᠤᠰᠤᠨ ᠲᠠᠷᠢᠶ᠎ᠠ ᠪᠠᠷ ᠨᠥᠬᠦᠪᠦᠷᠢᠯᠡᠬᠦ︾ ᠡᠨᠡ ᠬᠦ ᠡᠵᠡᠯᠡᠭᠰᠡᠨ ᠭᠠᠵᠠᠷ ᠢ ᠨᠢ ᠨᠥᠬᠦᠪᠦᠷᠢᠯᠡᠨ | ᠲᠡᠩᠴᠡᠭᠦᠷᠢᠰᠢᠭᠦᠯᠬᠦ ᠱᠠᠭᠠᠷᠳᠠᠯᠭ᠎ᠠ ᠶᠢ ᠦᠨᠡᠨ ᠬᠦ ᠭᠦᠢᠴᠡᠳᠬᠡᠬᠦ ᠬᠡᠷᠡᠭᠲᠡᠢ᠃ ᠦᠢᠯᠡᠳᠪᠦᠷᠢ ᠠᠭᠤᠷᠬᠠᠢ ᠶᠢᠨ | ᠬᠠᠶᠠᠭᠳᠠᠭᠰᠠᠨ ᠭᠠᠵᠠᠷ ᠪᠠ ᠬᠤᠳᠠ ᠬᠥᠳᠡᠭᠡ ᠶᠢᠨ ᠨᠡᠮᠡᠭᠳᠡᠯ ᠬᠠᠰᠤᠭᠳᠠᠯ ᠯᠤᠭ᠎ᠠ ᠬᠤᠯᠪᠣᠭᠳᠠᠭᠤᠯᠤᠭᠰᠠᠨ | ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠬᠡᠷᠡᠭᠯᠡᠭᠰᠡᠨ ᠪᠠᠶᠢᠪᠠᠯ᠂ ᠰᠡᠷᠭᠦᠭᠡᠨ ᠬᠠᠭᠠᠯᠪᠤᠷᠢᠯᠠᠬᠤ ᠶᠢ | ᠬᠠᠷᠢᠭᠤᠴᠠᠬᠤ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠡᠷᠬᠡᠪᠰᠢ | ᠠᠮᠠᠯᠠᠭᠰᠠᠨ ᠴᠠᠭ ᠬᠤᠭᠤᠴᠠᠭ᠎ᠠ ᠶᠣᠰᠣᠭᠠᠷ ᠲᠠᠷᠢᠶᠠᠯᠠᠬᠤ ᠭᠠᠵᠠᠷ ᠢ ᠰᠡᠷᠭᠦᠭᠡᠨ ᠬᠠᠭᠠᠯᠪᠤᠷᠢᠯᠠᠬᠤ ᠡᠭᠦᠷᠭᠡ ᠪᠠᠨ | ᠪᠡᠶᠡᠯᠡᠭᠦᠯᠵᠦ᠂ ᠬᠤᠭᠤᠴᠠᠭ᠎ᠠ ᠬᠡᠲᠦᠷᠡᠪᠡᠯ ᠲᠤᠰ ᠬᠤᠰᠢᠭᠤ ᠰᠢᠶᠠᠨ ︵ᠬᠤᠳᠠ᠂ ᠲᠣᠭᠤᠷᠢᠭ︶ ᠤ ᠲᠠᠷᠢᠶᠠᠯᠠᠬᠤ | ᠭᠠᠵᠠᠷ ᠢ ᠨᠥᠬᠦᠪᠦᠷᠢᠯᠡᠬᠦ ᠵᠣᠬᠢᠬᠤ ᠭᠦᠢᠴᠡᠳᠬᠡᠯ ᠲᠤᠭ᠎ᠠ ᠶᠢ ᠬᠠᠰᠤᠵᠤ᠂ ᠬᠤᠰᠢᠭᠤ ᠰᠢᠶᠠᠨ ︵ᠬᠤᠳᠠ᠂ ᠲᠣᠭᠤᠷᠢᠭ | ︶ ᠤ ᠭᠦᠢᠴᠡᠳᠬᠡᠯ ᠲᠤᠭ᠎ᠠ ᠶᠢᠨ ᠦᠯᠡᠳᠡᠪᠦᠷᠢ ᠨᠢ ᠬᠦᠷᠦᠯᠴᠡᠬᠦ ᠦᠭᠡᠢ ᠪᠣᠯ ᠲᠡᠭᠦᠨ ᠤ ᠪᠠᠶᠢᠭ᠎ᠠ ᠠᠶᠢᠮᠠᠭ | ᠬᠤᠳᠠ ᠠᠴᠠ ᠨᠥᠬᠦᠪᠦᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠭᠠᠵᠠᠷ ᠰᠣᠩᠭᠤᠬᠤ ᠳᠤ ᠪᠠᠨ ᠬᠠᠷᠢᠶ᠎ᠠ ᠣᠷᠣᠨ ᠤ ᠳᠣᠲᠣᠷᠠᠬᠢ ᠨᠥᠬᠦᠪᠦᠷᠢᠯᠡᠬᠦ ᠲᠠᠷᠢᠶᠠᠯᠠᠬᠤ ᠭᠠᠵᠠᠷ ᠤᠨ | ᠨᠥᠭᠡᠴᠡ ᠶᠢᠨ ᠪᠠᠶᠢᠳᠠᠯ ᠢ ᠭᠦᠢᠴᠡᠳ ᠪᠣᠳᠣᠯᠬᠢᠯᠠᠵᠤ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ | ᠲᠡᠩᠴᠡᠭᠦᠷᠢᠰᠢᠭᠦᠯᠬᠦ ᠳᠤ ᠪᠠᠨ ᠬᠤᠰᠢᠭᠤ ᠰᠢᠶᠠᠨ ᠤ ᠬᠡᠪᠴᠢᠶᠡᠨ ᠳᠤ ᠥᠪᠡᠷ ᠢᠶᠠᠨ ᠲᠡᠩᠴᠡᠭᠦᠷᠢᠰᠢᠭᠦᠯᠬᠦ ᠪᠠᠷ | ᠭᠤᠣᠯᠯᠠᠭᠤᠯᠵᠤ᠂ ᠠᠶᠢᠮᠠᠭ ᠬᠤᠲᠠ ᠶᠢᠨ ᠬᠡᠪᠴᠢᠶᠡᠨ ᠳᠤ ᠲᠣᠬᠢᠷᠠᠭᠤᠯᠬᠤ ᠪᠠᠷ ᠳᠡᠳ᠋ᠯᠡᠭᠦᠯᠵᠦ᠂ ᠥᠪᠡᠷᠲᠡᠭᠡᠨ ᠵᠠᠰᠠᠬᠤ | ᠣᠷᠣᠨ ᠵᠣᠬᠢᠬᠤ ᠬᠡᠮᠵᠢᠶ᠎ᠡ ᠪᠠᠷ ᠨᠢᠭᠡᠳᠦᠯᠲᠡᠢ ᠲᠥᠯᠥᠪᠯᠡᠬᠦ ᠪᠠᠷ ᠨᠥᠬᠦᠪᠦᠷᠢ ᠪᠣᠯᠭᠠᠬᠤ ᠬᠡᠷᠡᠭᠲᠡᠢ᠃ | ︵ᠠᠷᠪᠠᠨ ᠬᠤᠶᠠᠷ︶ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠢᠷᠡᠯᠲᠡ ᠶᠢᠨ ᠬᠠᠮᠢᠶᠠᠷᠤᠯᠲᠠ ᠶᠢ ᠴᠢᠩᠳᠠᠯᠠᠨ᠎ᠠ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ | ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠶᠢ | ᠪᠠᠷᠢᠮᠲᠠᠯᠠᠭᠰᠠᠨ ᠤᠷᠢᠲᠠᠯ ᠳᠣᠣᠷ᠎ᠠ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠠᠵᠢᠯ ᠢ ᠡᠮᠬᠢ ᠵᠢᠷᠤᠮ ᠲᠠᠢ ᠪᠠᠷ | ᠥᠷᠨᠢᠭᠦᠯᠬᠦ ᠬᠡᠷᠡᠭᠲᠡᠢ᠃ ᠦᠷᠭᠦᠯᠵᠢᠯᠡᠭᠰᠡᠨ ᠠᠰᠢᠭᠯᠠᠭᠠᠳᠤᠢ ᠭᠠᠵᠠᠷ ᠢ ᠨᠡᠭᠡᠭᠡᠨ ᠠᠰᠢᠭᠯᠠᠬᠤ ᠶᠢ ᠴᠢᠩᠭ᠎ᠠ ᠡᠵᠡᠮᠳᠡᠵᠦ᠂ | ᠬᠦᠨᠳᠦ ᠨᠣᠴᠢᠲᠠᠢ ᠡᠯᠡᠰᠦᠵᠢᠭᠰᠡᠨ ᠭᠠᠵᠠᠷ ᠢ ᠬᠠᠭᠠᠯᠪᠤᠷᠢᠯᠠᠬᠤ ᠶᠢ ᠴᠠᠭᠠᠵᠠᠯᠠᠵᠤ᠂ 15 ᠭᠷᠡᠳᠦ᠋ᠰ ᠠᠴᠠ ᠳᠡᠭᠡᠭᠰᠢᠬᠢ | ᠡᠭᠴᠡ ᠬᠥᠲᠥᠯ ᠳᠤ ᠲᠠᠷᠢᠶᠠᠯᠠᠬᠤ ᠭᠠᠵᠠᠷ ᠬᠠᠭᠠᠯᠪᠤᠷᠢᠯᠠᠬᠤ ᠶᠢ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠣᠶ | ᠰᠢᠭᠤᠢ ᠶᠢ ᠡᠪᠳᠡᠨ᠂ ᠡᠪᠡᠰᠦ ᠪᠡᠯᠴᠢᠭᠡᠷ ᠢ ᠰᠦᠢᠳᠬᠡᠵᠦ ᠲᠠᠷᠢᠶᠠᠯᠠᠬᠤ ᠭᠠᠵᠠᠷ ᠬᠠᠭᠠᠯᠪᠤᠷᠢᠯᠠᠬᠤ ᠶᠢ ᠴᠠᠭᠠᠵᠠᠯᠠᠵᠤ᠂ | ᠨᠠᠭᠤᠷ ᠢ ᠬᠦᠷᠢᠶᠡᠯᠡᠨ ᠲᠠᠷᠢᠶᠠᠯᠠᠬᠤ ᠭᠠᠵᠠᠷ ᠭᠠᠷᠭᠠᠬᠤ ᠪᠠ ᠭᠤᠣᠯ ᠤᠨ ᠲᠠᠩ ᠢ ᠡᠵᠡᠯᠡᠬᠦ ᠶᠢ ᠴᠠᠭᠠᠵᠠᠯᠠᠵᠤ᠂ | ᠲᠣᠭᠲᠠᠭᠠᠯ ᠠᠴᠠ ᠵᠥᠷᠢᠴᠡᠨ ᠨᠤᠭᠤ ᠭᠠᠵᠠᠷ ᠢ ᠳᠠᠷᠤᠵᠤ ᠲᠠᠷᠢᠶᠠᠯᠠᠬᠤ ᠭᠠᠵᠠᠷ ᠪᠣᠯᠭᠠᠨ ᠬᠠᠭᠠᠯᠪᠤᠷᠢᠯᠠᠬᠤ ᠶᠢ | ᠴᠠᠭᠠᠵᠠᠯᠠᠵᠤ᠂ ᠠᠮᠢ ᠠᠬᠤᠢ ᠶᠢᠨ ᠤᠯᠠᠭᠠᠨ ᠱᠤᠭᠤᠮ ᠤᠨ ᠬᠡᠪᠴᠢᠶᠡᠨ ᠳᠤ ᠲᠠᠷᠢᠶᠠᠯᠠᠬᠤ ᠭᠠᠵᠠᠷ ᠢ ᠬᠠᠭᠠᠯᠪᠤᠷᠢᠯᠠᠭᠠᠳ | ᠬᠡᠷᠡᠭᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠶᠢ ᠴᠠᠭᠠᠵᠠᠯᠠᠨ᠎ᠠ᠃ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠦᠪᠵᠢᠭᠦᠯᠭᠡ ᠵᠢᠴᠢ ᠪᠤᠰᠤᠳ ᠬᠠᠮᠢᠶ᠎ᠠ ᠪᠦᠬᠦᠢ ᠲᠥᠯᠦᠪᠵᠢᠭᠦᠯᠭᠡ ᠶᠢ ᠦᠨᠳᠦᠰᠦᠯᠡᠨ᠂ | ᠲᠤᠬᠠᠢ ᠶᠢᠨ ᠭᠠᠵᠠᠷ ᠤᠨ ᠪᠠᠶᠢᠳᠠᠯ ᠳᠤ ᠲᠣᠬᠢᠷᠠᠭᠤᠯᠤᠨ᠂ ᠵᠦᠢ ᠵᠣᠬᠢᠰᠲᠠᠢ ᠪᠠᠶᠢᠷᠢᠰᠢᠭᠤᠯᠵᠤ᠂ ᠲᠠᠷᠢᠶᠠᠯᠠᠬᠤ | ᠭᠠᠵᠠᠷ ᠢ ᠨᠥᠬᠦᠪᠦᠷᠢᠯᠡᠬᠦ ᠠᠷᠭ᠎ᠠ ᠶᠢ ᠠᠯᠬᠤᠮ ᠠᠯᠬᠤᠮ ᠢᠶᠠᠷ ᠬᠤᠪᠢᠷᠠᠭᠤᠯᠵᠤ᠂ ᠲᠠᠷᠢᠶᠠᠯᠠᠬᠤ ᠳᠤ ᠲᠣᠬᠢᠷᠠᠮᠵᠢᠲᠠᠢ | ᠭᠠᠵᠠᠷ ᠰᠢᠷᠣᠢ ᠶᠢᠨ ᠪᠡᠯᠡᠳᠬᠡᠯ ᠡᠬᠢ ᠪᠠᠶᠠᠯᠢᠭ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ | ᠲᠣᠭᠲᠠᠭᠠᠬᠤ ᠬᠡᠷᠡᠭᠲᠡᠢ᠃ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠲᠥᠷᠥᠯ ᠵᠦᠢᠯ ᠢ ᠲᠣᠭᠲᠠᠭᠠᠬᠤ ᠠᠴᠠ ᠡᠮᠦᠨ᠎ᠡ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠢ ᠣᠷᠴᠢᠨ | ᠲᠣᠭᠤᠷᠢᠨ᠂ ᠤᠰᠤᠨ ᠠᠰᠢᠭᠯᠠᠯᠲᠠ᠂ ᠣᠶ ᠰᠢᠭᠤᠢ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ | ᠨᠥᠯᠥᠭᠡᠯᠡᠯ ᠪᠠ ᠪᠣᠯᠣᠮᠵᠢᠲᠤ ᠴᠢᠨᠠᠷ ᠵᠡᠷᠭᠡ ᠪᠠᠶᠢᠳᠠᠯ ᠳᠤ ᠭᠦᠢᠴᠡᠳ ᠨᠤᠲᠠᠯᠠᠯᠲᠠ ᠬᠢᠵᠦ᠂ ᠰᠢᠨ᠎ᠡ ᠪᠠᠷ ᠨᠡᠮᠡᠭᠳᠡᠭᠰᠡᠨ | ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠪᠣᠶ ᠪᠣᠯᠭᠠᠭᠰᠠᠨ ᠤ ᠳᠠᠷᠠᠭ᠎ᠠ ᠦᠷᠭᠦᠯᠵᠢᠯᠡᠨ ᠲᠣᠭᠲᠠᠭᠤᠨ ᠢᠶᠠᠷ | ᠲᠠᠷᠢᠶᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠠᠵᠠᠷ ᠰᠢᠷᠣᠢ ᠶᠢ ᠴᠡᠭᠴᠡᠯᠡᠨ ᠵᠠᠰᠠᠬᠤ ᠪᠠ ᠲᠠᠷᠢᠶᠠᠯᠠᠬᠤ | ᠭᠠᠵᠠᠷ ᠢ ᠨᠥᠬᠦᠪᠦᠷᠢᠯᠡᠬᠦ ᠲᠥᠷᠥᠯ ᠵᠦᠢᠯ ᠢ ᠲᠠᠷᠢᠶᠠᠯᠠᠬᠤ ᠶᠢ ᠵᠣᠭᠰᠤᠭᠠᠬᠤ ᠬᠡᠪᠴᠢᠶᠡᠨ ᠳᠤ ᠳᠤᠷ᠎ᠠ ᠪᠠᠷ | ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠭᠤᠷᠪᠠ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠪᠠᠶᠢᠴᠠᠭᠠᠯᠲᠠ ᠬᠢᠵᠦ ᠰᠢᠯᠭᠠᠨ ᠠᠪᠬᠤ | ᠠᠵᠢᠯ ᠢ ᠴᠢᠩᠳᠠᠯᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠷᠣᠢ ᠶᠢ | ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠵᠢᠷᠤᠮᠵᠢᠭᠤᠯᠤᠨ᠂ | ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠶᠢᠨ ᠠᠵᠢᠯ ᠢ ᠬᠢᠨᠠᠨ | ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ | ᠠᠵᠢᠯ ᠢ ᠰᠠᠶᠢᠲᠤᠷ ᠬᠢᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠶᠢ ᠮᠠᠭᠠᠳᠯᠠᠨ | ᠲᠣᠭᠲᠠᠭᠠᠬᠤ ᠪᠠ ᠴᠢᠨᠠᠷ ᠢ ᠨᠢ ᠦᠨᠡᠯᠡᠨ ᠲᠣᠭᠲᠠᠭᠠᠬᠤ ᠪᠠᠨ ᠴᠢᠩᠳᠠᠯᠠᠵᠤ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ | ᠭᠠᠵᠠᠷ ᠲᠤ ᠤᠷᠢᠳ ᠢᠶᠠᠷ ᠭᠠᠵᠠᠷ ᠰᠢᠷᠣᠢ ᠶᠢᠨ ᠲᠥᠷᠥᠯ ᠢ ᠨᠢ ᠬᠤᠪᠢᠷᠠᠭᠤᠯᠵᠤ ᠳᠠᠬᠢᠭᠠᠳ ᠰᠢᠯᠭᠠᠨ ᠠᠪᠴᠤ | ᠮᠡᠳᠡᠭᠦᠯᠦᠨ ᠳᠠᠩᠰᠠᠯᠠᠭᠤᠯᠬᠤ ᠶᠢ ᠬᠡᠷᠡᠭᠵᠢᠭᠦᠯᠵᠦ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠪᠠ | ᠴᠢᠨᠠᠷ ᠨᠢ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︵ᠠᠷᠪᠠᠨ ᠳᠥᠷᠪᠡ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠠᠬᠢ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠥᠬᠦᠪᠦᠷᠢᠯᠡᠭᠰᠡᠨ | ᠲᠠᠷᠢᠶᠠᠯᠠᠬᠤ ᠭᠠᠵᠠᠷ ᠲᠠᠬᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ᠂ | ᠬᠠᠮᠢᠶᠠᠷᠤᠨ ᠬᠠᠮᠠᠭᠠᠯᠠᠬᠤ ᠭᠤᠣᠯ ᠴᠣᠭᠴᠠ ᠶᠢ ᠲᠣᠳᠣᠷᠬᠠᠶᠢᠯᠠᠨ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠠᠮᠢᠶᠠᠷᠤᠨ ᠬᠠᠮᠠᠭᠠᠯᠠᠬᠤ ᠵᠠᠷᠤᠳᠠᠯ ᠢ ᠪᠠᠲᠤᠯᠠᠨ᠂ ᠨᠥᠬᠦᠪᠦᠷᠢᠯᠡᠭᠰᠡᠨ ᠲᠠᠷᠢᠶᠠᠯᠠᠬᠤ | ᠭᠠᠵᠠᠷ ᠲᠤ ᠦᠷᠭᠦᠯᠵᠢᠯᠡᠨ ᠲᠣᠭᠲᠠᠭᠤᠨ ᠢᠶᠠᠷ ᠳᠠᠷᠢᠵᠤ ᠪᠣᠯᠬᠤ ᠶᠢ ᠦᠨᠡᠨ ᠬᠦ ᠪᠠᠲᠤᠯᠠᠵᠤ᠂ ᠠᠲᠠᠷᠰᠢᠭᠤᠯᠵᠤ | ᠬᠠᠭᠠᠯᠪᠤᠷᠢᠯᠠᠬᠤ ᠪᠠᠨ ᠪᠣᠯᠢᠬᠤ ᠪᠠ ᠦᠢᠯᠡᠳᠪᠦᠷᠢᠯᠡᠬᠦ ᠴᠢᠳᠠᠮᠵᠢ ᠶᠢᠨ ᠪᠠᠭᠤᠷᠠᠬᠤ ᠶᠢ ᠰᠡᠷᠭᠡᠶᠢᠯᠡᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠵᠢᠯ ᠪᠦᠷᠢ ᠬᠥᠮᠥᠷᠭᠡ ᠳᠤ | ᠣᠷᠣᠭᠤᠯᠤᠭᠰᠠᠨ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠲᠥᠷᠥᠯ ᠵᠦᠢᠯ ᠳᠤ 1 ᠤᠳᠠᠭ᠎ᠠ ᠪᠥᠬᠦ ᠲᠠᠯ᠎ᠠ ᠶᠢᠨ ᠵᠢᠷᠤᠭ | ᠳᠦᠷᠰᠦ ᠶᠢᠨ ᠬᠠᠷᠭᠤᠭᠤᠯᠤᠨ ᠪᠠᠶᠢᠴᠠᠭᠠᠯᠲᠠ ᠬᠢᠵᠦ᠂ ᠵᠢᠷᠤᠭ ᠳᠦᠷᠰᠦ ᠳᠤ ᠰᠡᠵᠢᠭᠯᠡᠯᠲᠡᠢ ᠠᠰᠠᠭᠤᠳᠠᠯ ᠲᠠᠢ ᠲᠥᠷᠥᠯ | ᠵᠦᠢᠯ ᠢ 15% ᠠᠴᠠ ᠳᠤᠲᠠᠭᠤ ᠦᠭᠡᠢ ᠪᠠᠷ ᠰᠣᠩᠭᠤᠨ ᠠᠪᠴᠤ ᠪᠣᠳᠠᠲᠠᠢ ᠭᠠᠵᠠᠷ ᠲᠤ ᠨᠢ ᠬᠠᠷᠭᠤᠭᠤᠯᠤᠨ | ᠪᠠᠶᠢᠴᠠᠭᠠᠯᠲᠠ ᠬᠢᠨ᠎ᠡ᠃ ᠠᠲᠠᠷᠰᠢᠭᠤᠯᠵᠤ ᠬᠠᠭᠠᠯᠪᠤᠷᠢᠯᠠᠬᠤ ᠪᠠᠨ ᠪᠣᠯᠢᠭᠰᠠᠨ ᠲᠠᠯᠠᠪᠠᠶ ᠨᠢ ᠲᠣᠰ ᠵᠠᠰᠠᠭ ᠵᠠᠬᠢᠷᠭᠠᠨ ᠤ | ᠣᠷᠣᠨ ᠤ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠭᠦᠢᠴᠡᠳᠬᠡᠯ ᠲᠤᠭ᠎ᠠ ᠶᠢᠨ ᠶᠡᠷᠦᠩᠬᠡᠢ ᠲᠠᠯᠠᠪᠠᠶ ᠶᠢᠨ 10% ᠠᠴᠠ | ᠳᠡᠭᠡᠭᠰᠢ ᠳᠤ ᠬᠦᠷᠦᠭᠰᠡᠨ ᠪᠣᠯ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠵᠣᠬᠢᠬᠤ ᠭᠦᠢᠴᠡᠳᠬᠡᠯ ᠲᠤᠭ᠎ᠠ ᠶᠢ | ᠴᠡᠪᠳᠡᠭᠰᠢᠭᠦᠯᠵᠦ᠂ ᠲᠣᠰ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠨ᠎ᠡ ᠪᠠᠷ ᠨᠡᠮᠡᠭᠳᠡᠬᠦ | ᠲᠠᠷᠢᠶᠠᠯᠠᠬᠤ ᠭᠠᠵᠠᠷ ᠢ ᠬᠠᠷᠭᠤᠭᠤᠯᠤᠨ ᠲᠣᠭᠲᠠᠭᠠᠬᠤ ᠪᠠ ᠲᠥᠷᠥᠯ ᠵᠦᠢᠯ ᠤᠨ ᠭᠦᠢᠴᠡᠳᠬᠡᠯ ᠲᠤᠭ᠎ᠠ ᠶᠢ | ᠬᠥᠮᠥᠷᠭᠡ ᠳᠤ ᠣᠷᠣᠭᠤᠯᠬᠤ ᠭᠤᠶᠤᠴᠢᠯᠠᠯ ᠢ ᠲᠦᠷ ᠵᠣᠭᠰᠣᠭᠠᠨ᠎ᠠ᠃ ᠬᠠᠮᠢᠶ᠎ᠠ ᠪᠦᠬᠦᠢ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠵᠣᠬᠢᠶᠠᠨ | ᠪᠠᠶᠢᠭᠤᠯᠵᠤ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠲᠥᠷᠥᠯ ᠵᠦᠢᠯ ᠢ ᠰᠢᠯᠭᠠᠨ ᠬᠤᠷᠢᠶᠠᠬᠤ ᠰᠠᠯᠠᠭ᠎ᠠ | ᠮᠥᠴᠢᠷ ᠠᠴᠠ ᠳᠠᠬᠢᠨ ᠬᠠᠷᠭᠤᠭᠤᠯᠵᠤ ᠮᠠᠭᠠᠳᠯᠠᠨ ᠲᠣᠭᠲᠠᠭᠠᠭᠠᠳ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ | ᠳᠠᠷᠠᠭ᠎ᠠ᠂ ᠵᠣᠬᠢᠬᠤ ᠭᠦᠢᠴᠡᠳᠬᠡᠯ ᠲᠤᠭ᠎ᠠ ᠶᠢ ᠨᠢ ᠴᠡᠪᠳᠡᠭᠰᠢᠯ ᠠᠴᠠ ᠲᠠᠶᠢᠯᠬᠤ ᠶᠢᠨ ᠬᠠᠮᠲᠤ ᠬᠥᠮᠥᠷᠭᠡ ᠳᠤ | ᠣᠷᠣᠭᠤᠯᠬᠤ ᠭᠤᠶᠤᠴᠢᠯᠠᠯ ᠢ ᠰᠡᠷᠭᠦᠭᠡᠵᠦ ᠭᠥᠯᠢᠶᠡᠨ ᠠᠪᠴᠤ ᠰᠢᠢᠳᠪᠦᠷᠢᠯᠡᠨ᠎ᠡ᠃ | ᠳᠥᠷᠪᠡ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ | ︵ᠠᠷᠪᠠᠨ ᠲᠠᠪᠤ︶ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠦᠷᠢᠳᠬᠡᠨ ᠳᠡᠩᠰᠡᠯᠡᠵᠦ ᠬᠢᠨᠠᠨ | ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ | ᠭᠠᠵᠠᠷ ᠢ ᠪᠦᠷᠢᠳᠬᠡᠨ ᠳᠠᠩᠰᠠᠯᠠᠬᠤ ᠶᠠᠪᠤᠴᠠ ᠳᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠢ ᠴᠢᠩᠭ᠎ᠠ ᠬᠠᠮᠠᠭᠠᠯᠠᠬᠤ᠂ ᠭᠠᠵᠠᠷ ᠰᠢᠷᠣᠢ ᠶᠢ ᠠᠷᠪᠢᠲᠠᠢ | ᠡᠷᠴᠢᠮᠯᠢᠭ ᠬᠡᠷᠡᠭᠯᠡᠬᠦ ᠵᠠᠷᠴᠢᠮ ᠶᠣᠰᠣᠭᠠᠷ ᠲᠤᠬᠠᠢ ᠶᠢᠨ ᠭᠠᠵᠠᠷ ᠤᠨ ᠲᠠᠷᠢᠶᠠᠯᠠᠩ ᠤᠨ ᠬᠥᠭᠵᠢᠯᠲᠡ ᠶᠢᠨ | ᠲᠥᠯᠦᠪᠵᠢᠭᠦᠯᠭᠡ᠂ ᠲᠠᠷᠢᠶᠠᠯᠠᠩ ᠠᠵᠤ ᠦᠢᠯᠡᠰ ᠤᠨ ᠪᠠᠶᠢᠷᠢᠰᠢᠭᠤᠯᠤᠯᠲᠠ᠂ ᠲᠠᠷᠢᠶᠠᠯᠠᠩ ᠦᠢᠯᠡᠳᠪᠦᠷᠢᠯᠡᠯ ᠤᠨ | ᠲᠥᠯᠥᠪᠯᠡᠭᠡ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ᠂ | ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ ᠪᠠᠶᠢᠷᠢᠯᠠᠭᠤᠯᠬᠤ ᠬᠡᠷᠡᠭᠲᠡᠢ᠃ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠬᠠᠮᠢᠶᠠᠷᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠲᠣᠭᠲᠠᠭᠠᠯ ᠱᠠᠭᠠᠷᠳᠠᠯᠭ᠎ᠠ ᠶᠢ ᠴᠢᠩᠭ᠎ᠠ | ᠵᠢᠷᠤᠮᠯᠠᠨ ᠭᠠᠵᠠᠷ ᠰᠢᠷᠣᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠤᠰᠠᠭᠠᠷ ᠭᠠᠵᠠᠷ ᠰᠣᠩᠭᠤᠭᠰᠠᠨ | ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠲᠠᠷᠢᠶᠠᠴᠢᠳ ᠮᠠᠯᠴᠢᠳ ᠤᠨ | ᠭᠡᠷ ᠤᠨ ᠢᠶᠠᠨ ᠠᠷᠤ ᠥᠪᠥᠷ ᠢᠶᠠᠷ ᠥᠪᠡᠷ ᠢᠶᠠᠨ ᠪᠠᠶᠢᠭᠤᠯᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠲᠥᠷᠥᠯ ᠵᠦᠢᠯ ᠢ ᠰᠠᠯᠭᠠᠨ ᠬᠠᠮᠢᠶᠠᠷᠬᠤ ᠬᠡᠷᠡᠭᠲᠡᠢ᠃ ᠲᠠᠷᠢᠶᠠᠴᠣᠨ ᠮᠠᠯᠴᠢᠳ ᠤᠨ ᠭᠡᠷ ᠤᠨ ᠢᠶᠠᠨ ᠠᠷᠤ | ᠥᠪᠥᠷ ᠢᠶᠠᠷ ᠥᠪᠡᠷ ᠢᠶᠠᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ | ᠵᠦᠢᠯ ᠳᠤ ᠪᠦᠷᠢᠳᠬᠡᠨ ᠳᠠᠩᠰᠠᠯᠠᠭᠤᠯᠬᠤ ᠨᠥᠬᠦᠴᠡᠯ ᠪᠠ ᠲᠠᠰ ᠳᠠᠷᠠᠭᠠᠯᠠᠯ ᠢ ᠳᠥᠭᠦᠮᠴᠢᠯᠡᠵᠦ᠂ ᠡᠬᠡ ᠲᠠᠩᠰᠠ ᠶᠢᠨ | ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ︔ ᠪᠦᠷᠢᠳᠬᠡᠨ ᠳᠠᠩᠰᠠᠯᠠᠭᠤᠯᠬᠤ ᠶᠠᠪᠤᠴᠠ ᠳᠤ ᠲᠠᠷᠢᠶᠠᠴᠣᠨ | ᠮᠠᠯᠴᠢᠳ ᠠᠴᠠ ᠶᠠᠮᠠᠷᠪᠠ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ᠲᠤᠰᠠᠭᠠᠷ ᠭᠠᠵᠠᠷ ᠰᠣᠩᠭᠤᠭᠰᠠᠨ | ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠳᠤ ᠵᠢᠷᠤᠭ ᠲᠤ ᠲᠣᠳᠣᠷᠠᠭᠤᠯᠤᠨ | ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡᠨᠲᠡ ᠪᠠᠶᠢᠭᠤᠯᠤᠭᠰᠠᠨ᠂ | ᠪᠠᠶᠢᠭᠤᠯᠵᠤ ᠪᠠᠶᠢᠭ᠎ᠠ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠷᠬᠡᠪᠰᠢ ᠲᠣᠭᠲᠠᠭᠰᠠᠨ ᠴᠠᠭ | ᠬᠤᠭᠤᠴᠠᠭᠠᠨ ᠳᠤ ᠪᠦᠬᠦᠨ ᠢ ᠵᠢᠷᠤᠭ ᠲᠤ ᠲᠣᠳᠣᠷᠠᠭᠤᠯᠤᠨ ᠬᠥᠮᠥᠷᠭᠡ ᠳᠤ ᠣᠷᠣᠭᠤᠯᠵᠤ᠂ ᠰᠢᠨ᠎ᠡ ᠪᠠᠷ | ᠪᠠᠶᠢᠭᠤᠯᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠷᠢᠳᠬᠡᠨ ᠳᠠᠩᠰᠠᠯᠠᠭᠤᠯᠤᠭᠰᠠᠨ ᠤ ᠳᠠᠷᠠᠭᠠᠬᠢ | 1 ᠰᠠᠷ᠎ᠠ ᠶᠢᠨ ᠳᠣᠲᠣᠷ᠎ᠠ ᠵᠢᠷᠤᠭ ᠲᠤ ᠲᠣᠳᠣᠷᠠᠭᠤᠯᠤᠨ ᠬᠥᠮᠥᠷᠭᠡ ᠳᠤ ᠣᠷᠣᠭᠤᠯᠬᠤ ᠶᠢᠨ ᠬᠠᠮᠲᠤ᠂ ᠣᠨ ᠤ | ᠤᠯᠤᠰ ᠤᠨ ᠭᠠᠵᠠᠷ ᠰᠢᠷᠣᠢ ᠶᠢᠨ ᠬᠤᠪᠢᠷᠠᠭᠠᠬᠤ ᠪᠠᠶᠢᠴᠠᠭᠠᠯᠲᠠ ᠳᠤ ᠭᠠᠵᠠᠷ ᠰᠢᠷᠣᠢ ᠶᠢᠨ ᠲᠥᠷᠥᠯ ᠢ ᠨᠢ | ᠬᠤᠪᠢᠷᠠᠭᠤᠯᠬᠤ ᠬᠡᠷᠡᠭᠲᠡᠢ᠃ | ︵ᠠᠷᠪᠠᠨ ᠵᠢᠷᠭᠤᠭ᠎ᠠ︶ ᠰᠢᠨ᠎ᠡ ᠪᠠᠷ ᠨᠡᠮᠡᠭᠳᠡᠭᠰᠡᠨ ᠪᠡᠯᠡᠳᠬᠡᠮᠵᠢᠳᠦ ᠲᠠᠷᠢᠶᠠᠯᠠᠩ ᠳᠤ ᠬᠡᠷᠡᠭᠯᠡᠬᠦ ᠭᠠᠵᠠᠷ ᠲᠠᠬᠢ | ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ | ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠮᠡᠳᠡᠭᠡ | ᠵᠠᠩᠭᠢᠴᠢᠯᠠᠯᠲᠠ ᠶᠢᠨ ᠠᠷᠭ᠎ᠠ ᠠᠪᠴᠠᠯ ᠢᠶᠠᠷ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ | ᠰᠢᠯᠭᠠᠨ ᠬᠢᠨᠠᠬᠤ᠂ ᠭᠠᠵᠠᠷ ᠰᠢᠷᠣᠢ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠬᠦ᠂ | ᠬᠠᠤᠯᠢ ᠠᠴᠠ ᠵᠥᠷᠢᠴᠡᠵᠦ ᠭᠠᠵᠠᠷ ᠬᠡᠷᠡᠭᠯᠡᠭᠰᠡᠨ ᠢ ᠴᠠᠭ ᠲᠤᠬᠠᠢ ᠳᠤ ᠨᠢ ᠬᠢᠨᠠᠨ ᠬᠠᠮᠢᠶᠠᠷᠬᠤ ᠵᠡᠷᠭᠡ ᠠᠵᠢᠯ ᠤᠨ | ᠶᠠᠪᠤᠴᠠ ᠳᠤ ᠪᠠᠨ ᠰᠢᠨ᠎ᠡ ᠪᠠᠷ ᠨᠡᠮᠡᠭᠳᠡᠭᠰᠡᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠲᠠᠬᠢ ᠬᠢᠨᠠᠯᠲᠠ | ᠪᠠᠶᠢᠴᠠᠭᠠᠯᠲᠠ ᠪᠠᠨ ᠴᠢᠩᠭᠠᠳᠬᠠᠵᠤ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠣᠯᠣᠨ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠤᠨ ᠵᠢᠯ ᠪᠦᠷᠢ ᠶᠢᠨ ᠳᠣᠲᠣᠷᠠᠬᠢ | ᠭᠠᠳᠠᠨᠠᠬᠢ ᠠᠵᠢᠯ ᠲᠦᠷᠦᠯ ᠢ ᠪᠠᠶᠢᠴᠠᠭᠠᠬᠤ ᠬᠠᠷᠢᠴᠠᠯ ᠢ 15% ᠠᠴᠠ ᠳᠣᠣᠷ᠎ᠠ ᠪᠠᠶᠢᠯᠭᠠᠬᠤ ᠦᠭᠡᠢ᠃ | ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ︽ᠲᠠᠷᠢᠶᠠᠯᠠᠬᠤ | ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ | ᠵᠠᠰᠠᠭ ᠠᠯᠪᠠᠨ ᠲᠠᠷᠬᠠᠭᠠᠭᠰᠠᠨ ︹2021 ︺ 32 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ | ᠪᠣᠯᠭᠠᠨ᠎ᠠ᠃ | 2023 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2023 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ |