ᠰᠦᠩᠱᠠᠨ ᠲᠣᠭᠤᠷᠢᠭ ᠤᠨ ᠨᠢᠭᠡᠨ ᠲᠡᠷᠢᠭᠦᠨ ᠤ ᠨᠡᠶᠢᠲᠡᠯᠢᠭ ᠵᠢᠱᠢᠶ᠎ᠡ ᠵᠢᠭᠰᠠᠭᠠᠯᠲᠠ ᠳᠤ ᠤᠷᠤᠪᠠ
ᠨᠡᠶᠢᠲᠡᠯᠡᠭᠰᠡᠨ ᠴᠠᠭ᠄
2023/12/28
     ᠨᠡᠶᠢᠲᠡᠯᠢᠭ ᠵᠢᠱᠢᠶ᠎ᠡ ᠪᠠᠷ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠵᠤ᠂ ᠦᠨᠳᠦᠰᠦᠨ ᠱᠠᠲᠤᠨ ᠤ ᠵᠥᠷᠢᠴᠡᠯ ᠵᠠᠭᠤᠷᠠᠯᠳᠤᠭᠠᠨ ᠢ ᠰᠡᠷᠭᠡᠶᠢᠯᠡᠨ ᠰᠢᠢᠳᠪᠦᠷᠢᠯᠡᠬᠦ ᠬᠠᠤᠯᠢᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠠᠴᠠ ᠬᠥᠬᠡᠬᠤᠲᠠ ᠶᠢᠨ ᠬᠤᠲᠣᠩ ᠲᠣᠭᠤᠷᠢᠭ ᠤᠨ ᠲᠦᠩ ᠳ᠋ᠤᠤ ᠵᠡᠭᠡᠯᠢ ᠭᠤᠳᠤᠮᠵᠢ ᠶᠢᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠵᠡᠷᠭᠡ 50 ᠰᠢᠨ᠎ᠡ ᠶᠢ ᠡᠭᠦᠳᠦᠭᠰᠡᠨ ᠠᠵᠢᠯ ᠤᠨ ᠠᠷᠭ᠎ᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠠᠶᠢᠰᠢᠶᠠᠬᠤ ᠶᠢᠨ ᠬᠠᠮᠲᠤ ᠫᠠᠶᠢᠰᠠ ᠣᠯᠭᠤᠬᠤ ᠪᠠᠷ ᠲᠣᠭᠲᠠᠪᠠ᠃ ᠡᠭᠦᠨ ᠳᠤ᠂ ᠰᠦᠩᠱᠠᠨ ᠲᠣᠭᠤᠷᠢᠭ ᠤᠨ ᠮᠦ ᠵᠢᠶᠠ ᠶᠢᠩᠽᠢ ᠪᠠᠯᠭᠠᠰᠤ ︵︽ᠲᠣᠰᠬᠤᠨ ᠤ ᠠᠷᠠᠳ ᠢ ᠰᠠᠭᠤᠭᠠᠯᠢ ᠠᠷᠠᠳ ᠪᠣᠯᠭᠠᠨ ᠥᠭᠡᠷᠡᠴᠢᠯᠡᠬᠦ︾ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠠᠷᠭ᠎ᠠ︶ ᠨᠡᠷᠡᠰ ᠤᠨ ᠵᠢᠭᠰᠠᠭᠠᠯᠲᠠ ᠳᠤ ᠤᠷᠤᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号