2 ᠰᠠᠷ᠎ᠠ ᠶᠢᠨ 7 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ | ᠬᠤᠶᠠᠳᠤᠭᠠᠷ ᠬᠤᠷᠠᠯᠳᠤᠭᠠᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠣᠮᠣ ᠲᠢᠶᠠᠲᠷ ᠲᠤ | ᠡᠬᠢᠯᠡᠪᠡ᠃ | ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ᠂ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠶ ᠬᠤᠤ᠂ ᠳᠡᠳ᠋ ᠲᠡᠷᠢᠭᠦᠯᠡᠭᠴᠢ ᠸᠠᠩ | ᠹᠧᠩ ᠵᠢᠶᠦ᠋ᠨ᠂ ᠯᠢᠦ ᠸᠠᠨ ᠯᠢ᠂ ᠰᠦᠨ ᠶᠤᠸᠠᠢ ᠴᠢᠨ᠂ ᠶᠣᠣ ᠰᠢᠤᠸᠠᠢ ᠱᠤ᠋ ᠲᠡᠷᠢᠭᠦᠯᠡᠭᠴᠢ ᠶᠢᠨ ᠲᠠᠶᠢᠰᠠᠨ ᠤ | ᠡᠮᠦᠨ᠎ᠡ ᠮᠥᠷ ᠲᠤ ᠰᠠᠭᠠᠲᠠᠪᠠ᠃ ᠸᠠᠩ ᠹᠧᠩ ᠵᠢᠶᠦ᠋ᠨ ᠡᠬᠢᠯᠡᠯᠲᠡ ᠶᠢᠨ ᠶᠡᠭᠡ ᠬᠤᠷᠠᠯ ᠢ ᠡᠷᠭᠢᠯᠡᠪᠡ᠃ | ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠸᠠᠩ ᠱᠦᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠨᠡᠶᠢᠲᠡ 207 ᠬᠥᠮᠦᠨ ᠪᠠᠶᠢᠵᠤ᠂ ᠶᠡᠭᠡ ᠬᠤᠷᠠᠯ ᠳᠤ ᠣᠷᠣᠯᠴᠠᠭᠰᠠᠨ | ᠭᠡᠰᠢᠭᠦᠨ 185 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠦᠳᠡ ᠶᠢᠨ ᠡᠮᠦᠨᠡᠬᠢ 9᠄ 00 ᠴᠠᠭ ᠲᠤ᠂ ᠸᠠᠩ ᠹᠧᠩ ᠵᠢᠶᠦ᠋ᠨ ᠶᠡᠭᠡ ᠬᠤᠷᠠᠯ ᠡᠬᠢᠯᠡᠭᠰᠡᠨ ᠢ ᠵᠠᠷᠯᠠᠪᠠ᠃ | ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃ | ᠬᠤᠷᠠᠯ ᠠᠴᠠ ᠡᠩ ᠲᠡᠷᠢᠭᠦᠨ ᠳᠤ ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ | ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠬᠤᠷᠠᠯ ᠤᠨ | ᠵᠥᠪᠯᠡᠬᠦ ᠵᠦᠢᠯ ᠢ ᠬᠢᠨᠠᠨ ᠵᠦᠪᠯᠡᠵᠦ ᠪᠠᠲᠤᠯᠠᠪᠠ᠃ | ᠴᠢᠨ ᠢᠦᠢ ᠬᠤᠤ ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ | ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ | ᠴᠢᠨ ᠢᠦᠢ ᠬᠤᠤ ᠡᠩ ᠲᠡᠷᠢᠭᠦᠨ ᠳᠤ 2022 ᠣᠨ ᠤ ᠠᠵᠢᠯ ᠢ ᠡᠷᠭᠢᠴᠡᠭᠦᠯᠪᠡ᠂ ᠲᠡᠷᠡ᠂ 2022 ᠣᠨ | ᠪᠣᠯ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ | ᠬᠤᠷᠢᠶ᠎ᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠩᠬᠠᠨ ᠤ ᠵᠢᠯ ᠪᠣᠯᠤᠨ᠎ᠠ᠃ ᠨᠢᠭᠡ ᠵᠢᠯ ᠤᠨ ᠲᠤᠷᠰᠢ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠩᠱᠠᠨ ᠲᠣᠭᠤᠷᠢᠭ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ | ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ | ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠲᠣᠭᠤᠷᠢᠭ ᠤᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠠᠷᠠᠳᠴᠢᠯᠠᠯ ᠢ ᠪᠠᠳᠠᠷᠠᠭᠤᠯᠬᠤ ᠪᠠ | ᠪᠦᠯᠬᠦᠮᠳᠡᠯ ᠢ ᠴᠢᠩᠭᠠᠳᠬᠠᠬᠤ ᠶᠢᠨ ᠬᠠᠷᠢᠯᠴᠠᠨ ᠨᠡᠪᠲᠡᠷᠡᠯᠴᠡᠬᠦ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ | ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠲᠤᠰᠬᠠᠶ | ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ ᠰᠢᠨ᠎ᠡ ᠨᠢᠭᠡ ᠬᠤᠭᠤᠴᠠᠭᠠᠨ ᠤ ᠤᠯᠤᠰ ᠲᠦᠷᠦ ᠶᠢᠨ | ᠵᠥᠪᠯᠡᠯᠭᠡᠨ ᠤ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠪᠠᠶᠠᠷᠯᠠᠨ ᠤᠭᠲᠤᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ | ᠰᠢᠨ᠎ᠡ ᠳᠡᠭᠡᠭᠰᠢᠯᠡᠯᠲᠡ ᠶᠢ ᠪᠡᠶᠡᠯᠡᠭᠦᠯᠪᠡ︔ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠢᠮᠠᠭᠲᠠ ᠪᠦᠬᠦ | ᠲᠣᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠰᠡᠳᠬᠢᠨ ᠪᠣᠳᠣᠯᠬᠢᠯᠠᠬᠤ ᠪᠠ ᠪᠠᠶᠢᠷᠢ ᠲᠣᠭᠲᠠᠭᠠᠯᠲᠠ | ᠬᠢᠵᠦ᠂ ᠭᠤᠣᠯᠳᠠᠯᠭ᠎ᠠ ᠶᠢᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ︔ ᠦᠵᠡᠯ ᠰᠠᠨᠠᠭ᠎ᠠ ᠤᠯᠤᠰ | ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠶᠢ | ᠢᠮᠠᠭᠲᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢᠨ ᠭᠤᠣᠯ ᠭᠤᠭᠴᠤᠭ᠎ᠠ ᠪᠣᠯᠭᠠᠵᠤ᠂ ᠤᠶᠤᠨ ᠤᠬᠠᠭᠠᠨ | ᠬᠦᠴᠦᠨ ᠴᠢᠳᠠᠯ ᠢ ᠬᠤᠷᠠᠮᠳᠤᠭᠤᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠳᠤ ᠰᠢᠨ᠎ᠡ ᠦᠷ᠎ᠡ | ᠪᠦᠲᠦᠮᠵᠢ ᠤᠯᠪᠠ︔ ᠢᠮᠠᠭᠲᠠ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ | ᠳᠡᠭᠡᠭᠰᠢᠯᠡᠭᠦᠯᠬᠦ ᠮᠥᠷᠲᠡᠭᠡᠨ ᠪᠠᠰᠠ ᠰᠢᠨ᠎ᠡ ᠲᠠᠪᠰᠢᠯᠳᠠ ᠲᠠᠢ ᠪᠣᠯᠪᠠ᠃ | ᠴᠢᠨ ᠢᠦᠢ ᠬᠤᠤ ᠴᠢᠬᠤᠯᠠᠴᠢᠯᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠣᠳᠣᠬᠢᠴᠢᠯᠠᠭᠰᠠᠨ ᠰᠢᠨ᠎ᠡ | ᠰᠦᠩᠱᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠤᠷᠤᠭᠰᠢᠯᠠᠯᠲᠠ ᠶᠢᠨ ᠵᠢᠯ ᠮᠥᠨ᠃ ᠨᠠᠮ ᠤᠨ ᠬᠤᠷᠢᠳᠤᠭᠠᠷ | ᠶᠡᠭᠡ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠶ | ᠵᠢᠭᠠᠨ ᠥᠭᠴᠦ᠂ ᠨᠡᠩ ᠥᠨᠳᠥᠷ ᠱᠠᠭᠠᠷᠳᠠᠯᠭ᠎ᠠ ᠳᠤᠷᠠᠳᠴᠠᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠤᠳᠠᠭ᠎ᠠ ᠶᠢᠨ | ᠪᠦᠬᠦ ᠭᠡᠰᠢᠭᠦᠳ ᠤᠨ ᠬᠤᠷᠠᠯ ᠠᠴᠠ ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠪᠠᠷ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠣᠳᠣᠬᠢᠴᠢᠯᠠᠭᠰᠠᠨ ᠰᠢᠨ᠎ᠡ ᠰᠦᠩᠱᠠᠨ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠬᠠᠷᠠᠯᠲᠠ ᠡᠭᠦᠷᠭᠡ ᠶᠢ ᠲᠣᠭᠲᠠᠭᠠᠵᠤ᠂ ᠲᠣᠭᠤᠷᠢᠭ ᠤᠨ ᠨᠠᠮ ᠤᠨ ᠬᠤᠷᠢᠶ᠎ᠠ ᠠᠴᠠ ᠰᠢᠨ᠎ᠡ | ᠴᠠᠭ ᠦᠶ᠎ᠡ ᠶᠢᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠢ ᠬᠠᠮᠤᠭ ᠤᠨ | ᠰᠢᠨ᠎ᠡ ᠪᠠᠶᠢᠷᠢᠯᠠᠭᠤᠯᠤᠯᠲᠠ ᠬᠢᠵᠡᠢ᠃ ᠰᠢᠨ᠎ᠡ ᠨᠢᠭᠡᠨ ᠵᠢᠯ ᠳᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠦᠷᠢᠮᠵᠢᠭᠦᠯᠬᠦ᠂ | ᠵᠢᠷᠤᠮᠵᠢᠭᠤᠯᠬᠤ᠂ ᠳᠡᠰ ᠳᠠᠷᠠᠭᠠᠵᠢᠭᠤᠯᠬᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠲᠤᠰᠬᠠᠢ | ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠭᠦᠨᠵᠡᠭᠡᠢ ᠵᠥᠪᠳᠡᠯᠴᠡᠨ | ᠦᠢᠯᠡᠳᠦᠯᠴᠡᠬᠦ᠂ ᠰᠠᠨᠠᠯ ᠢᠶᠠᠨ ᠭᠦᠢᠴᠡᠳ ᠢᠯᠡᠳᠬᠡᠬᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ | ᠲᠦᠪᠰᠢᠨ ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠰᠦᠩᠱᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ | ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠨ᠎ᠡ᠃ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠠᠵᠢᠯ ᠢ | ᠦᠷᠭᠦᠯᠵᠢᠯᠡᠨ ᠭᠦᠨᠵᠡᠭᠡᠶᠢᠷᠡᠭᠦᠯᠦᠨ᠎ᠡ︔ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠩᠨᠡᠭᠡᠨ ᠤ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ︔ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ | ᠬᠤᠷᠢᠶᠠᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ | ᠰᠦᠨ ᠶᠤᠸᠠᠢ ᠴᠢᠨ ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠳᠠ ᠶᠢᠨ ᠰᠦᠩᠱᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ | ᠬᠤᠷᠠᠯ ᠳᠤ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢᠨ | ᠠᠵᠢᠯ ᠤᠨ ᠪᠠᠶᠢᠳᠠᠯ ᠢ ᠮᠡᠳᠡᠭᠦᠯᠦᠯᠲᠡ ᠬᠢᠪᠡ᠃ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ | ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢ᠂ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ᠂ | ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠢ ᠪᠠ ᠤᠯᠤᠰ ᠲᠦᠷᠦ ᠶᠢᠨ ᠵᠥᠪᠯᠡᠯᠭᠡᠨ ᠤ ᠡᠯ᠎ᠡ | ᠲᠤᠰᠬᠠᠶ ᠺᠣᠮᠢᠰ ᠤᠳ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠠᠵᠢᠯ ᠪᠠ ᠠᠷᠠᠳ | ᠤᠯᠠᠨ ᠤ ᠲᠤᠰᠬᠠᠭᠰᠠᠨ ᠬᠠᠯᠠᠭᠤᠨ ᠴᠡᠭ ᠤᠨ ᠪᠠ ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠰᠠᠨᠠᠯ | ᠵᠥᠪᠯᠡᠯᠭᠡ ᠶᠢ ᠢᠳᠡᠪᠬᠢᠲᠡᠶ ᠪᠠᠷ ᠬᠡᠷᠡᠭᠯᠡᠨ ᠡᠭᠦᠷᠭᠡ ᠲᠤᠰᠢᠶᠠᠯ ᠢᠶᠠᠨ ᠭᠦᠢᠴᠡᠳᠬᠡᠪᠡ᠃ ᠨᠡᠶᠢᠳᠠ 135 ᠬᠤᠪᠢ ᠰᠠᠨᠠᠯ | ᠵᠥᠪᠯᠡᠯᠭᠡ ᠶᠢ ᠬᠦᠯᠢᠶᠡᠠ ᠠᠪᠴᠤ᠂ 125 ᠬᠤᠪᠢ ᠶᠢ ᠨᠢ ᠬᠡᠷᠡᠭ ᠪᠣᠯᠭᠠᠨ ᠳᠠᠩᠰᠠᠯᠠᠪᠠ᠂ ᠡᠭᠦᠨ ᠤ ᠳᠣᠲᠣᠷ᠎ᠠ | ᠭᠤᠣᠯᠳᠠᠯᠭ᠎ᠠ ᠲᠠᠢ ᠰᠠᠨᠠᠯ ᠵᠥᠪᠯᠡᠯᠭᠡ ᠶᠢ 5 ᠬᠤᠪᠢ ᠲᠣᠭᠲᠠᠭᠠᠪᠠ᠃ ᠣᠳᠣᠬᠠᠨ ᠳᠤ᠂ ᠠᠷᠪᠠᠳᠤᠭᠠᠷ | ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠬᠡᠷᠡᠭ ᠪᠣᠯᠭᠠᠨ ᠳᠠᠩᠰᠠᠯᠠᠭᠰᠠᠨ ᠰᠠᠨᠠᠯ ᠵᠥᠪᠯᠡᠯᠭᠡ ᠶᠢ ᠨᠢᠭᠡᠨᠲᠡ | ᠪᠥᠬᠦᠳᠡ ᠶᠢ ᠰᠢᠢᠳᠪᠦᠷᠢᠯᠡᠨ ᠬᠠᠷᠢᠭᠤᠯᠲᠠ ᠥᠭᠴᠦ᠂ ᠰᠠᠨᠠᠯ ᠵᠥᠪᠯᠡᠯᠭᠡ ᠶᠢ ᠰᠢᠢᠳᠪᠦᠷᠢᠯᠡᠨ ᠬᠠᠷᠢᠭᠤᠯᠲᠠ | ᠥᠭᠭᠦᠭᠰᠡᠨ ᠨᠤᠷᠮ᠎ᠠ 100 % ᠳᠤ ᠬᠦᠷᠴᠦ᠂ ᠰᠠᠨᠠᠯ ᠵᠥᠪᠯᠡᠯᠭᠡ ᠶᠢ ᠰᠢᠢᠳᠪᠦᠷᠢᠯᠡᠬᠦ ᠳᠤ ᠬᠠᠨᠤᠮᠵᠢᠲᠠᠶ ᠪᠠᠶᠢᠬᠤ | ᠨᠤᠷᠮ᠎ᠠ ᠪᠠ ᠦᠨᠳᠦᠰᠦᠨ ᠬᠠᠨᠤᠮᠵᠢᠲᠠᠶ ᠪᠠᠶᠢᠬᠤ ᠨᠤᠷᠮ᠎ᠠ 100 % ᠳᠤ ᠬᠦᠷᠴᠡᠶ᠃ ᠤᠯᠤᠰ ᠲᠦᠷᠦ ᠶᠢᠨ | ᠵᠥᠪᠯᠡᠯᠭᠡᠨ ᠤ ᠰᠠᠨᠠᠯ ᠳᠤᠷᠠᠳᠤᠯᠭ᠎ᠠ ᠨᠢ ᠪᠦᠬᠦ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ | ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠳᠤ ᠦᠢᠯᠡᠴᠢᠯᠡᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ | ᠬᠤᠷᠠᠯ ᠳᠡᠭᠡᠷ᠎ᠡ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠤ᠋ ᠰᠢᠨ ᠶᠠᠨ᠂ ᠾᠥᠸᠧ ᠯᠢᠶᠠᠨ ᠴᠧᠩ᠂ | ᠯᠢᠦ ᠶᠦᠩ ᠵᠢᠶᠦ᠋ᠨ᠂ ᠰᠢᠨ ᠹᠧᠩ ᠭᠧ᠂ ᠶᠠᠩ ᠹᠠᠩ ᠭᠧ ᠲᠣᠰᠪᠣᠷᠢ᠄ ︽ᠭᠤᠷᠪᠠ ᠶᠢ ᠨᠢᠭᠡ ᠴᠤᠭᠴᠠᠵᠢᠭᠤᠯᠬᠤ︾ | ᠶᠡᠷᠦᠩᠬᠡᠶᠢᠯᠡᠭᠰᠡᠨ ᠬᠠᠮᠲᠤᠷᠠᠯᠴᠠᠭ᠎ᠠ ᠶᠢ ᠪᠦᠬᠦ ᠬᠦᠴᠦᠨ ᠢᠶᠠᠷ ᠬᠡᠷᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠣᠲᠣᠭᠠᠳᠤ ᠬᠥᠳᠡᠯᠭᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ︾᠃ ︽︿ᠠᠵᠤ ᠦᠢᠯᠡᠳᠪᠦᠷᠢ ᠶᠢ | ᠬᠥᠭᠵᠢᠭᠦᠯᠦᠨ ᠮᠠᠨᠳᠤᠭᠤᠯᠬᠤ﹀ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ ᠰᠦᠩᠱᠠᠨ ᠤ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︾᠂ ︽ᠤᠨᠴᠠᠯᠢᠬᠳᠤ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠲᠦᠷᠦᠯ ᠲᠡᠮᠳᠡᠭ ᠢ ᠦᠷᠭᠦᠯᠵᠢᠯᠡᠨ ᠡᠭᠦᠳᠴᠦ | ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ︾᠂ ︽ | ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ ᠠᠵᠤ ᠠᠬᠤᠶᠢᠯᠠᠯ ᠤᠨ ᠴᠢᠨᠠᠷ ᠰᠠᠶᠢᠲᠠᠢ | ᠬᠥᠭᠵᠢᠯᠲᠡ ᠳᠤ ᠡᠨᠧᠷᠭᠢ ᠤᠯᠭᠤᠬᠤ ᠬᠡᠷᠡᠭᠲᠡᠢ︾᠂ ︽ᠨᠠᠰᠤᠨ ᠳᠤ ᠦᠯᠦ ᠬᠦᠷᠦᠭᠰᠡᠳ ᠤᠨ ᠬᠠᠤᠯᠢ ᠶᠢ | ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠵᠠᠯᠠᠭᠤ ᠨᠠᠰᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠬᠤ ᠬᠡᠷᠡᠭᠲᠡᠢ︾ | ᠭᠡᠬᠦ ᠰᠡᠳᠦᠪ ᠢᠶᠠᠷ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃ | ᠵᠢᠶᠠᠩ ᠼᠦᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ ᠨᠢ᠂ | ᠥᠩᠭᠡᠷᠡᠭᠰᠡᠨ ᠨᠢᠭᠡ ᠵᠢᠯ ᠳᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠣᠯᠤᠨ ᠪᠦᠬᠦ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠰᠠᠨᠠᠯ ᠵᠥᠪᠯᠡᠯᠭᠡ ᠳᠤᠷᠠᠳᠴᠤ ᠵᠠᠰᠠᠭ ᠤᠨ ᠶᠠᠪᠤᠳᠠᠯ ᠢ ᠵᠥᠪᠯᠡᠬᠦ ᠪᠠ | ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠬᠤᠣᠰ ᠴᠢᠭᠯᠡᠯ ᠢᠶᠠᠷ ᠬᠦᠴᠦᠯᠡᠬᠦ ᠶᠢ ᠢᠮᠠᠭᠲᠠ ᠪᠠᠷᠢᠮᠲᠠᠯᠠᠵᠤ᠂ | ᠭᠤᠣᠯᠳᠠᠯᠭ᠎ᠠ ᠶᠢᠨ ᠲᠣᠭᠤᠷᠢᠨ ᠳᠤ ᠪᠠ ᠶᠡᠭᠡ ᠲᠠᠯ᠎ᠠ ᠳᠤ ᠦᠢᠯᠡᠴᠢᠯᠡᠬᠦ ᠶᠢ ᠵᠡᠷᠭᠡᠪᠡᠷ ᠠᠬᠢᠭᠤᠯᠵᠤ᠂ ᠪᠦᠬᠦ | ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠲᠦᠷᠭᠡᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ | ᠃ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ | ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ ᠮᠥᠨ᠂ ᠨᠡᠩ ᠴᠤ ᠰᠦᠩᠱᠠᠨ | ᠲᠣᠭᠤᠷᠢᠭ ᠤᠨ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ᠂ ᠲᠠᠪᠠᠯᠳᠠᠳᠦ ᠬᠥᠭᠵᠢᠯᠲᠡ ᠶᠢᠨ ᠵᠢᠯ | ᠮᠥᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠠ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠤ ᠲᠤᠰᠢᠶᠠᠯ ᠢᠶᠠᠨ ᠭᠦᠢᠴᠡᠳᠬᠡᠵᠦ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ | ᠨᠢᠭᠲᠠᠷᠠᠭᠤᠯᠬᠤ ᠶᠢ ᠬᠦᠰᠡᠵᠦ ᠪᠠᠶᠢᠨ᠎ᠠ᠃ ᠰᠢᠨ᠎ᠡ ᠱᠠᠳᠤ ᠦᠶ᠎ᠡ ᠳᠤ ᠰᠠᠭᠤᠷᠢᠯᠠᠵᠤ᠂ ᠰᠢᠨ᠎ᠡ ᠡᠭᠦᠷᠭᠡ | ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠪᠦᠬᠦ ᠲᠣᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠳᠤ | ᠦᠢᠯᠡᠴᠢᠯᠡᠬᠦ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ︔ ᠭᠠᠷᠲᠠᠨ ᠣᠷᠣᠬᠤ ᠡᠭᠦᠳᠡ ᠶᠢ | ᠣᠨᠣᠪᠴᠢᠲᠠᠢ ᠡᠷᠢᠵᠦ᠂ ᠰᠡᠳᠬᠢᠯ ᠵᠢᠷᠦᠬᠡ ᠪᠠᠨ ᠬᠤᠯᠪᠣᠬᠤ ᠬᠥᠭᠦᠷᠭᠡ ᠶᠢ ᠪᠤᠰᠬᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠬᠠᠪᠰᠤᠷᠤᠨ ᠠᠬᠢᠭᠤᠯᠬᠤ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠬᠦ ᠬᠡᠷᠡᠭᠲᠡᠢ︔ | ᠢᠵᠢᠯᠢ ᠲᠥᠪᠲᠦ ᠲᠣᠭᠤᠷᠢᠭ ᠢ ᠰᠠᠶᠢᠲᠤᠷ ᠵᠢᠷᠤᠵᠤ᠂ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ | ᠬᠠᠭᠤᠳᠠᠰᠤ ᠶᠢ ᠪᠢᠴᠢᠭᠯᠡᠬᠦ ᠬᠡᠷᠡᠭᠲᠡᠢ᠃ |