2 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠤᠯᠠᠭᠠᠨᠬᠠᠳᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠣᠮᠣ ᠲᠢᠶᠠᠲᠷ ᠲᠤ | ᠡᠬᠢᠯᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠵᠢᠶᠠᠩ ᠼᠦᠩ᠂ ᠸᠠᠩ ᠱᠦᠨ᠂ ᠵᠦᠩ ᠴᠢᠩ ᠰᠦᠩ᠂ ᠹᠦ᠋ ᠴᠢᠶᠠᠩ᠂ ᠶᠤᠸᠠᠨ ᠴᠦᠨ ᠯᠢ᠂ ᠰᠦᠨ | ᠵᠧᠨ ᠬᠠᠢ᠂ ᠱᠢ ᠵᠢᠶᠠᠨ ᠪᠢᠨ᠂ ᠯᠢ ᠭᠦᠸᠧ ᠯᠢᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠸᠠᠩ ᠱᠦᠨ ᠡᠬᠢᠯᠡᠯᠲᠡ ᠶᠢᠨ ᠶᠡᠭᠡ ᠬᠤᠷᠠᠯ ᠢ ᠡᠷᠬᠢᠯᠡᠪᠡ᠃ | ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠢ ᠬᠤᠤ ᠵᠡᠷᠭᠡ | ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠨᠡᠶᠢᠲᠡ 262 ᠲᠥᠯᠥᠭᠡᠯᠡᠭᠴᠢ ᠪᠠᠶᠢᠵᠤ᠂ ᠲᠣᠰ ᠤᠳᠠᠭᠠᠨ ᠤ ᠬᠤᠷᠠᠯ ᠳᠤ | ᠣᠷᠣᠯᠴᠠᠭᠰᠠᠨ ᠲᠥᠯᠥᠭᠡᠯᠡᠭᠴᠢ 230 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠨ᠎ᠡ᠃ | ᠦᠳᠡ ᠶᠢᠨ ᠡᠮᠦᠨᠡᠬᠢ 9᠄ 00 ᠴᠠᠭ ᠲᠤ᠂ ᠸᠠᠩ ᠱᠦᠨ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ | ᠬᠥᠭᠵᠢᠮᠳᠡᠨ ᠳᠠᠭᠤᠯᠠᠪᠠ᠃ | ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠬᠢᠪᠡ᠃ | ᠢᠯᠡᠳᠬᠡᠯ ᠳᠤ ᠵᠢᠷᠭᠤᠭᠠᠨ ᠲᠠᠯ᠎ᠠ ᠠᠴᠠ 2022 ᠣᠨ ᠤ ᠠᠵᠢᠯ ᠢ ᠡᠷᠭᠢᠴᠡᠭᠦᠯᠪᠡ᠃ 2022 ᠣᠨ ᠳᠤ᠂ | ᠪᠦᠬᠦ ᠲᠣᠭᠤᠷᠢᠭ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠬᠢᠵᠢᠭ ᠤᠨ | ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ | ᠪᠠᠶᠢᠯᠭᠠᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ︽ᠲᠠᠪᠤᠨ ᠶᠡᠭᠡ ᠡᠭᠦᠷᠭᠡ︾ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠲᠣᠭᠤᠷᠢᠭ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ | ᠵᠣᠷᠢᠭ ᠢᠶᠠᠨ ᠪᠠᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ | ᠂ ᠡᠯ᠎ᠡ ᠵᠦᠢᠯ ᠤᠨ ᠠᠵᠢᠯ ᠢᠶᠠᠨ ᠨᠡᠯᠢᠶᠡᠳ ᠰᠠᠶᠢᠨ ᠪᠡᠶᠡᠯᠡᠭᠦᠯᠪᠡ᠃ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ 313 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 15.5 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ 95 ᠳ᠋ᠦᠩᠰᠢᠭᠤᠷ ᠲᠥᠭᠦᠷᠢᠭ ᠲᠤ ᠬᠦᠷᠴᠡᠢ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠦᠬᠦ ᠲᠤᠭ᠎ᠠ 122.4 ᠳ᠋ᠦᠩᠰᠢᠭᠤᠷ ᠲᠥᠭᠦᠷᠢᠭ ᠲᠤ ᠬᠦᠷᠴᠡᠶ︔ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ | 41714 ᠲᠥᠭᠦᠷᠢᠭ ᠪᠠ 21453 ᠲᠥᠭᠦᠷᠢᠭ ᠲᠤ ᠬᠥᠷᠪᠡ᠃ ᠥᠩᠭᠡᠷᠡᠭᠰᠡᠨ ᠨᠢᠭᠡ ᠵᠢᠯ ᠳᠤ᠂ ᠪᠦᠬᠦ | ᠲᠣᠭᠤᠷᠢᠭ ᠢᠶᠠᠷ ᠢᠶᠠᠨ ᠡᠷᠡᠮᠡᠬᠡᠶᠢᠯᠡᠨ ᠤᠷᠤᠭᠰᠢᠯᠠᠵᠤ ᠬᠥᠭᠵᠢᠯᠲᠡ ᠶᠢ ᠡᠷᠢᠯᠬᠢᠯᠡᠵᠦ᠂ ᠠᠵᠤ ᠠᠬᠤᠢ ᠶᠢᠨ ᠪᠣᠳᠠᠲᠤ | ᠬᠦᠴᠦᠨ ᠲᠣᠭᠲᠠᠭᠤᠨ ᠤ ᠳᠤᠮᠳᠠ ᠤᠷᠤᠭᠰᠢᠯᠠᠵᠠᠢ︔ ᠰᠢᠨᠲᠠᠷᠠᠰᠢ ᠦᠭᠡᠢ ᠰᠢᠪᠲᠤᠯᠤᠯᠲᠠ ᠶᠢ ᠡᠷᠢᠯᠬᠢᠯᠡᠵᠦ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠡᠳᠦᠷ ᠢᠷᠡᠬᠦᠶ᠎ᠡ ᠴᠢᠩᠭᠠᠷᠠᠪᠠ︔ ᠰᠠᠭᠤᠷᠢ ᠶᠢ ᠪᠠᠲᠤᠳᠬᠠᠨ | ᠦᠨᠳᠦᠰᠦ ᠶᠢ ᠪᠠᠬᠢᠵᠢᠭᠦᠯᠵᠦ ᠳᠡᠭᠡᠭᠰᠢᠯᠡᠭᠦᠯᠬᠦ ᠶᠢ ᠠᠬᠢᠭᠤᠯᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢ | ᠢᠯᠡᠳᠲᠡ ᠰᠠᠶᠢᠵᠢᠷᠠᠭᠤᠯᠪᠠ︔ ᠪᠣᠳᠠᠲᠠᠢ ᠶᠢ ᠡᠷᠬᠢᠮᠯᠡᠨ ᠠᠵᠢᠯ ᠦᠢᠯᠡᠰ ᠢᠶᠠᠨ ᠦᠨᠡᠨᠴᠢ ᠪᠠᠷ ᠬᠢᠵᠦ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠢᠯᠡᠳᠲᠡ ᠳᠡᠭᠡᠭᠰᠢᠯᠡᠭᠦᠯᠪᠡ︔ ᠥᠴᠦᠬᠡᠨ ᠴᠦ ᠰᠤᠯᠠᠷᠠᠭᠤᠯᠤᠯ ᠦᠭᠡᠢ ᠪᠠᠷ ᠠᠶᠤᠯ | ᠲᠦᠭᠰᠢᠭᠦᠷᠢ ᠶᠢ ᠰᠡᠷᠭᠡᠶᠢᠯᠡᠵᠦ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠩᠭᠤᠢ ᠲᠣᠭᠲᠠᠭᠤᠨ ᠪᠠᠶᠢᠯᠭᠠᠪᠠ︔ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠤᠰ | ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ᠃ | ᠵᠥᠩ ᠴᠢᠩ ᠰᠥᠩ ᠵᠢᠭᠠᠵᠤ ᠭᠠᠷᠭᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ | ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ | ᠨᠢᠭᠡ ᠵᠢᠯ ᠮᠥᠨ᠃ ᠡᠨᠡ ᠵᠢᠯ ᠤᠨ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ | ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ | ᠪᠦᠬᠦ ᠲᠠᠯ᠎ᠠ ᠪᠠᠷ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠪᠣᠯᠤᠨ ︽ᠲᠠᠪᠤᠨ ᠬᠥᠭᠵᠢᠯᠲᠡ ᠶᠢᠨ ᠪᠠᠶᠢᠷᠢ | ᠲᠣᠭᠲᠠᠭᠠᠯᠲᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢ | ᠬᠥᠭᠵᠢᠭᠦᠯᠦᠨ ᠮᠠᠨᠳᠤᠭᠤᠯᠬᠤ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ | ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ | ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ | ᠠᠳᠬᠤᠵᠤ᠂ ᠠᠵᠤ ᠦᠢᠯᠡᠰ ᠢ ᠬᠥᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠥᠭᠵᠢᠯᠲᠡ ᠶᠢ | ᠠᠬᠢᠭᠤᠯᠵᠤ᠂ ᠰᠢᠨ᠎ᠡ ᠴᠠᠭ ᠦᠶ᠎ᠡ ᠶᠢᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠲᠣᠭᠤᠷᠢᠭ ᠤᠨ | ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ︕ | ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6.5% ᠣᠷᠴᠢᠮ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 6% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 7% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠶ ᠲᠤᠭ᠎ᠠ ᠶᠢ 7% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 7% ᠪᠠ 8% | ᠣᠷᠴᠢᠮ ᠨᠡᠮᠡᠭᠳᠡᠭᠦᠯᠦᠨ᠎ᠡ᠃ ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠶᠢᠨ ᠲᠣᠭᠤᠷᠢᠨ ᠳᠤ᠂ ᠵᠥᠩ ᠴᠢᠩ ᠰᠥᠩ | ᠴᠢᠬᠤᠯᠠᠴᠢᠯᠠᠬᠤ ᠳᠠᠭᠠᠨ᠂ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡ᠂ | ᠠᠵᠤ ᠦᠢᠯᠡᠳᠪᠦᠷᠢ ᠶᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠲᠠᠯ᠎ᠠ ᠪᠠᠷ ᠰᠢᠨ᠎ᠡ ᠳᠠᠪᠠᠭᠤᠯᠢᠭ ᠢ | ᠪᠣᠶ ᠪᠣᠯᠭᠠᠨ᠎ᠠ᠃ ᠠᠵᠤ ᠦᠢᠯᠡᠳᠪᠦᠷᠢ ᠶᠢ ᠬᠥᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ | ᠡᠬᠢᠯᠡᠭᠦᠯᠦᠨ᠎ᠡ︔ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠠᠵᠤ ᠦᠢᠯᠡᠰ ᠤᠨ ᠰᠦᠷᠦᠭᠵᠢᠯ ᠢ ᠪᠥᠬᠦ | ᠲᠠᠯ᠎ᠠ ᠪᠠᠷ ᠪᠣᠶ ᠪᠣᠯᠭᠠᠨ᠎ᠠ᠃ ᠬᠤᠶᠠᠷ᠂ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠬᠦ ᠲᠠᠯ᠎ᠠ ᠪᠠᠷ ᠰᠢᠨ᠎ᠡ | ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ | ᠬᠦᠴᠦᠨ ᠢᠶᠠᠷ ᠢᠶᠠᠨ ᠠᠳᠬᠤᠨ᠎ᠠ︔ ᠥᠷᠯᠥᠭᠡ ᠦᠳᠡᠰᠢ ᠶᠢ ᠲᠡᠮᠡᠴᠡᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠠᠳᠬᠤᠨ᠎ᠠ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠭᠦᠨᠵᠡᠭᠡᠶ ᠰᠢᠯᠢᠳᠡᠭᠵᠢᠭᠦᠯᠦᠨ᠎ᠡ᠃ | ᠭᠤᠷᠪᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠰᠢᠨ᠎ᠡ ᠬᠠᠭᠤᠳᠠᠰᠤ ᠶᠢ | ᠵᠢᠷᠤᠭᠯᠠᠨ᠎ᠠ᠃ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ︔ | ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ︔ | ᠪᠣᠬᠢᠷᠲᠤᠯ ᠦᠭᠡᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠵᠤᠵᠠᠭᠠᠳᠬᠠᠨ᠎ᠠ᠃ ᠲᠦᠷᠪᠡ᠂ ᠭᠤᠷᠪᠠᠳᠤᠭᠠᠷ | ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠬᠥᠳᠡᠯᠭᠡᠭᠴᠢ ᠡᠨᠧᠷᠭᠢ ᠶᠢ ᠲᠥᠪᠯᠡᠷᠡᠭᠦᠯᠦᠨ᠎ᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠠᠶᠠᠯᠢᠭᠵᠢᠭᠤᠯᠤᠨ᠎ᠠ︔ ᠵᠠᠬ᠎ᠠ ᠳᠡᠯᠭᠡᠭᠦᠷ ᠢ ᠪᠤᠶᠢᠵᠢᠭᠤᠯᠤᠨ | ᠪᠤᠵᠠᠭᠠᠶᠢᠷᠠᠭᠤᠯᠤᠨ᠎ᠠ︔ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠲᠠᠪᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ ᠲᠠᠯ᠎ᠠ ᠪᠠᠷ ᠰᠢᠨ᠎ᠡ ᠲᠦᠷᠢ ᠲᠥᠷᠬᠦ ᠶᠢ ᠪᠤᠢ | ᠪᠣᠯᠭᠠᠨ᠎ᠠ᠃ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ︔ ᠨᠠᠷᠢᠯᠢᠭ ᠬᠠᠮᠢᠶᠠᠷᠤᠯᠲᠠ ᠶᠢ | ᠴᠢᠩᠭᠠᠳᠬᠠᠨ᠎ᠠ︔ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠵᠢᠷᠭᠤᠭ᠎ᠠ᠂ ᠠᠷᠠᠳ ᠤᠨ ᠠᠮᠢᠳᠤᠷᠠᠯ ᠤᠨ | ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠤᠨ᠎ᠠ᠃ ᠠᠷᠠᠳ ᠲᠦᠮᠡᠨ ᠤ ᠰᠠᠨᠠᠭᠠᠨ ᠳᠤ | ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ︔ ᠡᠮ ᠡᠮᠨᠡᠯᠭᠡ ᠡᠷᠡᠭᠦᠯ ᠮᠡᠨᠳᠦ ᠶᠢᠨ ᠦᠢᠯᠡᠴᠢᠯᠡᠭᠡ ᠶᠢ | ᠰᠢᠯᠢᠳᠡᠭᠵᠢᠭᠦᠯᠦᠨ᠎ᠡ︔ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ︔ ᠤᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠯᠤᠭ᠎ᠠ᠂ ᠠᠶᠤᠯ ᠲᠦᠭᠰᠢᠭᠦᠷᠢ ᠶᠢᠨ ᠬᠤᠷᠢᠭ᠎ᠠ | ᠱᠤᠭᠤᠮ ᠢ ᠪᠠᠲᠤ ᠰᠠᠬᠢᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ᠨᠡᠶᠢᠭᠡᠮ ᠤᠨ ᠠᠮᠤᠷ ᠲᠦᠪᠰᠢᠨ | ᠲᠣᠭᠲᠠᠭᠤᠨ ᠪᠠᠶᠢᠳᠠᠯ ᠢ ᠬᠠᠮᠠᠭᠠᠯᠠᠨ᠎ᠠ︔ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ︔ | ᠨᠡᠶᠢᠭᠡᠮ ᠤᠨ ᠵᠠᠰᠠᠯᠲᠠ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ | ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ | ᠵᠦᠩ ᠴᠢᠩ ᠰᠦᠩ ᠵᠢᠭᠠᠵᠤ ᠭᠠᠷᠭᠠᠭᠰᠠᠨ ᠨᠢ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ | ᠬᠠᠤᠯᠢ ᠶᠣᠰᠣᠭᠠᠷ ᠵᠠᠰᠠᠭ ᠶᠠᠪᠤᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠲᠥᠯᠥᠭᠡ | ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠤᠬ ᠰᠠᠨᠠᠭ᠎ᠠ ᠪᠠᠨ ᠦᠢᠯᠡᠳᠦᠯᠭᠡᠵᠢᠭᠦᠯᠵᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠲᠦᠷᠢ ᠲᠥᠷᠬᠦ ᠶᠢ ᠪᠤᠢ ᠪᠤᠯᠭᠠᠨ᠎ᠠ᠃ | ᠬᠤᠷᠠᠯ ᠠᠴᠠ ᠰᠦᠩᠱᠠᠨ ᠲᠣᠭᠤᠷᠢᠭ ᠤᠨ 2022 ᠣᠨ ᠤ ᠤᠯᠤᠰ ᠠᠷᠠᠳ ᠤᠨ ᠠᠵᠤ ᠠᠬᠤᠢ ᠪᠣᠯᠤᠨ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠪᠣᠯᠤᠨ 2023 ᠣᠨ ᠤ ᠤᠯᠤᠰ | ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ᠂ | ᠰᠦᠩᠱᠠᠨ ᠲᠣᠭᠤᠷᠢᠭ ᠤᠨ 2022 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ | 2023 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠪᠠ᠃ | ᠬᠤᠷᠠᠯ ᠠᠴᠠ ᠪᠠᠰᠠ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ᠶᠢ | ᠬᠢᠨᠠᠨ ᠵᠥᠪᠯᠡᠵᠦ ᠪᠠᠲᠤᠯᠠᠪᠠ᠃ |