2 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠤᠯᠠᠭᠠᠨᠬᠠᠳᠠ ᠬᠤᠲᠠ ᠶᠢᠨ ᠰᠦᠩᠱᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠬᠤᠶᠠᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ | ᠲᠡᠷᠢᠭᠦᠯᠡᠭᠴᠢ ᠵᠢᠶᠠᠩ ᠼᠦᠩ᠂ ᠸᠠᠩ ᠱᠦᠨ᠂ ᠵᠦᠩ ᠴᠢᠩ ᠰᠦᠩ᠂ ᠹᠦ᠋ ᠴᠢᠶᠠᠩ᠂ ᠶᠤᠸᠠᠨ ᠴᠦᠨ ᠯᠢ᠂ ᠰᠦᠨ | ᠵᠧᠨ ᠬᠠᠢ᠂ ᠱᠢ ᠵᠢᠶᠠᠨ ᠪᠢᠨ᠂ ᠯᠢ ᠭᠦᠸᠧ ᠯᠢᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠰᠦᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠢ ᠬᠤᠤ ᠵᠡᠷᠭᠡ | ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠨᠡᠶᠢᠲᠡ 262 ᠲᠥᠯᠥᠭᠡᠯᠡᠭᠴᠢ ᠪᠠᠶᠢᠵᠤ᠂ ᠲᠣᠰ ᠤᠳᠠᠭᠠᠨ ᠤ ᠬᠤᠷᠠᠯ ᠳᠤ | ᠣᠷᠣᠯᠴᠠᠭᠰᠠᠨ ᠲᠥᠯᠥᠭᠡᠯᠡᠭᠴᠢ 229 ᠨᠡᠷ᠎ᠡ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠨ᠎ᠡ᠃ | ᠶᠤᠸᠠᠨ ᠴᠦᠨ ᠯᠢ ᠬᠤᠷᠠᠯ ᠢ ᠡᠷᠭᠢᠯᠡᠪᠡ᠃ | ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠸᠠᠩ ᠱᠦᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ | ᠮᠡᠳᠡᠭᠦᠯᠦᠯᠲᠡ ᠬᠢᠪᠡ᠃ | ᠸᠠᠩ ᠱᠦᠨ ᠵᠢᠭᠠᠵᠤ ᠭᠠᠷᠭᠠᠭᠰᠠᠨ ᠨᠢ᠂ 2022 ᠣᠨ ᠪᠣᠯ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠭᠦᠷᠭᠡ | ᠲᠤᠰᠢᠶᠠᠯ ᠢᠶᠠᠨ ᠭᠦᠢᠴᠡᠳᠬᠡᠬᠦ ᠡᠬᠢᠯᠡᠯᠲᠡ ᠶᠢᠨ ᠵᠢᠯ ᠪᠣᠯᠤᠨ᠎ᠠ᠂ ᠨᠢᠭᠡ ᠵᠢᠯ ᠤᠨ ᠲᠤᠷᠰᠢ᠂ ᠲᠣᠭᠤᠷᠢᠭ ᠤᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠪᠥᠬᠦ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢᠨ ᠲᠣᠭᠤᠷᠢᠨ ᠳᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ | ᠵᠦᠢᠯ ᠤᠨ ᠠᠵᠢᠯ ᠰᠢᠨ᠎ᠡ ᠠᠬᠢᠴᠠ ᠲᠠᠢ ᠪᠣᠯᠪᠠ᠃ ᠸᠠᠩ ᠱᠦᠨ ᠲᠠᠪᠤᠨ ᠲᠠᠯ᠎ᠠ ᠠᠴᠠ ᠰᠦᠩᠱᠠᠨ ᠲᠣᠭᠤᠷᠢᠭ ᠤᠨ | ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | 2022 ᠣᠨ ᠤ ᠠᠵᠢᠯ ᠢ ᠡᠷᠭᠢᠴᠡᠭᠦᠯᠪᠡ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠪᠠ︔ ᠬᠤᠶᠠᠷ ᠲᠤ ᠪᠥᠬᠦ ᠲᠣᠭᠤᠷᠢᠭ ᠤᠨ ᠶᠡᠭᠡ | ᠲᠠᠯ᠎ᠠ ᠳᠤ ᠦᠢᠯᠡᠴᠢᠯᠡᠵᠦ᠂ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠪᠡ︔ | ᠭᠤᠷᠪᠠ ᠳᠤ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠳᠠᠯᠠᠵᠤ᠂ ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ | ᠡᠷᠬᠡ ᠪᠠ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠡᠷᠬᠡ ᠶᠢ ᠵᠥᠪ ᠢᠶᠠᠷ ᠬᠡᠷᠡᠭᠵᠢᠭᠦᠯᠪᠡ︔ | ᠲᠦᠷᠪᠡ ᠳᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠲᠥᠯᠥᠭᠡᠯᠡᠭᠴᠢ ᠶᠢᠨ ᠭᠤᠣᠯ ᠴᠣᠭᠴᠠ ᠶᠢᠨ | ᠦᠢᠯᠡᠳᠦᠯ ᠢ ᠭᠦᠢᠴᠡᠳ ᠪᠠᠳᠠᠷᠠᠭᠤᠯᠪᠠ︔ ᠲᠠᠪᠤ ᠳᠤ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ | ᠪᠠᠷᠢᠮᠲᠠᠯᠠᠵᠤ᠂ ᠪᠠᠶᠢᠩᠭᠤ ᠶᠢᠨ ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠪᠠ᠃ | ᠸᠠᠩ ᠱᠦᠨ ᠬᠡᠯᠡᠭᠰᠡᠨ ᠨᠢ᠂ 2023 ᠣᠨ ᠳᠤ ᠰᠦᠩᠱᠠᠨ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠣᠭᠤᠷᠢᠭ ᠤᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ | ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠲᠣᠭᠤᠷᠢᠭ ᠤᠨ ᠨᠠᠮ ᠤᠨ | ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠤᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ︽ᠲᠦᠷᠪᠡᠨ ᠪᠠᠶᠢᠭᠤᠯᠭ᠎ᠠ︾ ᠶᠢᠨ | ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠵᠤ᠂ ᠦᠨᠳᠦᠰᠦᠨ ᠬᠠᠤᠯᠢ ᠴᠠᠭᠠᠵᠠ ᠠᠴᠠ ᠣᠯᠭᠤᠭᠰᠠᠨ | ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠥᠨᠳᠥᠷ ᠪᠦᠲᠦᠮᠵᠢᠲᠡᠢ ᠭᠦᠢᠴᠡᠳᠬᠡᠵᠦ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠢ ᠲᠠᠰᠤᠷᠠᠯᠳᠡ ᠦᠭᠡᠢ ᠬᠥᠭᠵᠢᠭᠦᠯᠵᠦ᠂ ᠬᠢᠨᠠᠯᠲᠠ ᠲᠠᠯᠪᠢᠬᠤ ᠪᠣᠳᠠᠲᠤ ᠦᠷ᠎ᠡ | ᠪᠦᠲᠦᠮᠵᠢ ᠶᠢ ᠨᠡᠮᠡᠭᠳᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠵᠤ᠂ ᠲᠥᠯᠥᠭᠡᠯᠡᠭᠴᠢ ᠶᠢᠨ ᠦᠢᠯᠡᠳᠦᠯ ᠢ | ᠪᠠᠳᠠᠷᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠲᠠᠢ ᠪᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠤᠯᠵᠤ᠂ ᠣᠳᠣᠬᠢᠴᠢᠯᠠᠭᠰᠠᠨ ᠰᠦᠩᠱᠠᠨ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠨ᠎ᠡ | ᠃ 2023 ᠣᠨ ᠳᠤ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠲᠦᠷᠪᠡᠨ ᠲᠠᠯ᠎ᠠ ᠶᠢᠨ ᠠᠵᠢᠯ ᠢ ᠰᠠᠶᠢᠲᠤᠷ ᠬᠢᠨ᠎ᠡ᠃ ᠨᠢᠭᠡ ᠳᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠯᠤᠰ ᠲᠦᠷᠦ ᠶᠢᠨ ᠴᠢᠭᠯᠡᠯ ᠢ ᠪᠠᠲᠤᠳᠬᠠᠨ᠎ᠠ︔ ᠬᠤᠶᠠᠷ ᠲᠤ | ᠂ ᠬᠠᠤᠯᠢ ᠶᠣᠰᠣᠭᠠᠷ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠡᠷᠬᠡ ᠪᠠᠨ ᠬᠡᠷᠡᠭᠵᠢᠭᠦᠯᠵᠦ᠂ ᠪᠦᠬᠦ | ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ︔ ᠭᠤᠷᠪᠠ ᠳᠤ᠂ | ᠲᠥᠯᠥᠭᠡᠯᠡᠭᠴᠢᠳ ᠤᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠦᠨ᠎ᠡ︔ ᠲᠦᠷᠪᠡ ᠳᠤ ︽ᠲᠦᠷᠪᠡᠨ ᠪᠠᠶᠢᠭᠤᠯᠭ᠎ᠠ︾ ᠶᠢᠨ | ᠪᠠᠶᠢᠭᠤᠯᠤᠯᠲᠠ ᠶᠢ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠴᠧᠨ ᠯᠢ ᠮᠢᠨ ᠬᠤᠷᠠᠯ ᠳᠡᠭᠡᠷ᠎ᠡ ︽ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ︾ | ᠬᠢᠪᠠ᠃ | ᠰᠦᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠯᠢ ᠭᠦᠸᠧ | ᠬᠤᠷᠠᠯ ᠳᠡᠭᠡᠷ᠎ᠡ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ | ᠠᠵᠢᠯ ᠤᠨ ᠢᠯᠡᠳᠬᠡᠯ︾ ᠬᠢᠪᠠ᠃ | ᠬᠤᠷᠠᠯᠳᠤᠭᠠᠨ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠫᠢᠶᠣᠣ ᠥᠭᠴᠦ | ᠪᠠᠲᠤᠯᠠᠬᠤ ᠠᠷᠭ᠎ᠠ ᠶᠢ ᠬᠢᠨᠠᠨ ᠵᠦᠪᠯᠡᠵᠦ ᠪᠠᠲᠤᠯᠠᠪᠠ᠃ |