2 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ | ᠤᠳᠠᠭᠠᠨ ᠤ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠤᠯᠠᠭᠠᠨᠬᠠᠳᠠ ᠶᠢᠨ ᠣᠯᠠᠨ | ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠣᠮᠣ ᠲᠢᠶᠠᠲᠷ ᠲᠤ ᠦᠨᠳᠦᠷᠯᠡᠪᠡ᠃ | ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠᠩ ᠼᠦᠩ᠂ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠨ ᠢᠦᠶ ᠬᠤᠤ᠂ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠦ᠋ ᠴᠢᠶᠠᠩ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠹᠧᠩ ᠵᠢᠶᠦ᠋ᠨ᠂ ᠯᠢᠦ ᠸᠠᠨ ᠯᠢ᠂ | ᠰᠦᠨ ᠶᠤᠸᠠᠢ ᠴᠢᠨ᠂ ᠶᠣᠣ ᠰᠢᠤᠸᠠᠢ ᠱᠤ᠋᠂ ᠨᠠᠷᠢᠨ ᠪᠢᠴᠢᠭ ᠤᠨ ᠳᠠᠷᠤᠭ᠎ᠠ ᠯᠢᠨ ᠶᠠ ᠴᠢ ᠲᠡᠷᠢᠭᠦᠯᠡᠭᠴᠢ ᠶᠢᠨ | ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠸᠠᠩ ᠱᠦᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠯᠢᠦ ᠸᠠᠨ ᠯᠢ ᠲᠡᠭᠦᠰᠬᠦ ᠶᠡᠭᠡ ᠬᠤᠷᠠᠯ ᠢ ᠡᠷᠬᠢᠯᠡᠪᠡ᠃ | ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠭᠡᠰᠢᠭᠦᠨ ᠨᠡᠶᠢᠲᠡ 207 ᠬᠥᠮᠦᠨ ᠪᠠᠶᠢᠵᠤ᠂ ᠶᠡᠭᠡ ᠬᠤᠷᠠᠯ ᠳᠤ ᠣᠷᠣᠯᠴᠠᠭᠰᠠᠨ | ᠭᠡᠰᠢᠭᠦᠨ 183 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠬᠤᠷᠠᠯ ᠠᠴᠠ ︽ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ | ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠬᠢᠨᠠᠨ | ᠵᠥᠪᠯᠡᠵᠦ ᠪᠠᠲᠤᠯᠠᠪᠠ︔ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠬᠢᠨᠠᠨ ᠵᠥᠪᠯᠡᠵᠦ | ᠪᠠᠲᠤᠯᠠᠪᠠ᠃ ᠯᠢᠨ ᠶᠠ ᠴᠢ ᠶᠢ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠪᠠ︔ ᠳ᠋ᠢᠩ ᠵᠢᠶᠠᠨ ᠹᠧᠩ᠂ ᠶᠠᠩ ᠹᠠᠩ | ᠭᠧ᠂ ᠵᠠᠩ ᠵᠢᠩ ᠢᠦᠢ᠂ ᠫᠠᠩ ᠶᠠ ᠹᠧᠩ᠂ ᠰᠢᠤᠢ ᠯᠢ ᠺᠦᠨ᠂ ᠭᠦᠸᠧ ᠵᠢᠶᠦ᠋ᠨ ᠵᠢᠶᠧ᠂ ᠵᠢᠦᠢ ᠰᠢᠶᠤᠤ ᠶᠢᠩ ᠢ | ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠲᠣᠮᠢᠯᠠᠪᠠ᠃ | ᠬᠤᠷᠠᠯ ᠠᠴᠠ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ | ᠠᠩᠬᠠᠳᠤᠭᠠᠷ ᠬᠤᠷᠠᠯ ᠠᠴᠠ ᠨᠠᠰᠢᠬᠢ ᠰᠢᠯᠢᠳᠡᠭ ᠰᠠᠨᠠᠯ ᠳᠤᠷᠠᠳᠤᠯᠭ᠎ᠠ᠂ ᠰᠢᠯᠢᠳᠡᠭ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢᠨ ᠮᠡᠳᠡᠭᠡ ᠵᠠᠩᠭᠢ ᠶᠢ ᠨᠡᠶᠢᠲᠡᠯᠡᠨ ᠮᠡᠳᠡᠭᠳᠡᠪᠡ︔ ᠤᠯᠤᠰ ᠲᠦᠷᠦ ᠶᠢᠨ ᠵᠥᠪᠯᠡᠯᠭᠡᠨ ᠤ ᠤᠯᠠᠭᠠᠨᠬᠠᠳᠠ | ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠪᠠ | ᠭᠡᠰᠢᠭᠦᠳ ᠤᠨ ᠠᠵᠢᠯ ᠤᠨ ᠵᠥᠪᠯᠡᠯ ᠤᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠤᠨ ᠰᠠᠨᠠᠯ | ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ︔ | ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ | ᠢᠯᠡᠳᠬᠡᠯ ᠤᠨ ᠲᠤᠬᠠᠶ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ︔ ᠤᠯᠤᠰ ᠲᠦᠷᠦ ᠶᠢᠨ ᠵᠥᠪᠯᠡᠯᠭᠡᠨ ᠤ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ | ᠬᠤᠷᠠᠯ ᠤᠨ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠠᠴᠠ ᠨᠠᠰᠢᠬᠢ ᠰᠠᠨᠠᠯ ᠳᠤᠷᠠᠳᠤᠯᠭ᠎ᠠ ᠶᠢᠨ | ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ︔ ᠤᠯᠤᠰ | ᠲᠦᠷᠦ ᠶᠢᠨ ᠵᠥᠪᠯᠡᠯᠭᠡᠨ ᠤ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ | ᠬᠤᠷᠢᠶ᠎ᠠ ᠶᠢᠨ ᠬᠤᠶᠠᠳᠤᠭᠠᠷ ᠬᠤᠷᠠᠯ ᠤᠨ ᠤᠯᠤᠰ ᠲᠦᠷᠦ ᠶᠢᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ᠃ | ᠴᠢᠨ ᠢᠦᠶ ᠬᠤᠤ ᠲᠡᠭᠦᠰᠬᠦ ᠶᠠᠷᠢᠶ᠎ᠠ ᠲᠠᠯᠪᠢᠪᠡ᠃ ᠲᠡᠷᠡ ᠵᠢᠭᠠᠵᠤ ᠭᠠᠷᠭᠠᠭᠰᠠᠨ ᠨᠢ᠂ ᠡᠨᠡ ᠵᠢᠯ ᠤᠨ | ᠬᠤᠷᠠᠯ ᠳᠤ᠂ ᠭᠡᠰᠢᠭᠦᠳ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠯ᠎ᠡ ᠵᠦᠢᠯ ᠤᠨ ᠢᠯᠡᠳᠬᠡᠯ ᠢ ᠨᠠᠷᠢᠨ ᠬᠢᠨᠠᠮᠠᠭᠠᠢ ᠬᠢᠨᠠᠨ ᠵᠥᠪᠯᠡᠵᠦ | ᠶᠠᠷᠢᠯᠴᠠᠵᠤ᠂ ᠢᠳᠡᠪᠬᠢᠲᠡᠢ ᠪᠠᠷ ᠵᠥᠪᠳᠡᠯᠴᠡᠨ ᠵᠠᠰᠠᠭ ᠤᠨ ᠶᠠᠪᠤᠳᠠᠯ ᠢ ᠵᠥᠪᠯᠡᠵᠦ᠂ ᠢᠳᠡᠪᠬᠢᠲᠡᠢ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠰᠢ ᠤᠯᠠᠨ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠴᠤ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠶᠢᠷ᠎ᠠ ᠰᠡᠳᠬᠢᠯᠭᠡ ᠪᠠ ᠬᠠᠷᠢᠭᠤᠴᠠᠯᠭ᠎ᠠ ᠶᠢ ᠭᠦᠢᠴᠡᠳ | ᠢᠯᠡᠷᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ ᠦᠢᠯᠡᠳᠦᠯ ᠪᠠ ᠬᠤᠪᠢ | ᠨᠡᠮᠡᠷᠢ ᠶᠢ ᠢᠯᠡᠷᠡᠭᠦᠯᠪᠡ᠃ ᠶᠡᠭᠡ ᠬᠤᠷᠠᠯ ᠨᠢ ᠢᠮᠠᠭᠲᠠ ᠪᠦᠯᠬᠦᠮᠳᠡᠯ ᠲᠠᠢ ᠠᠷᠠᠳᠴᠢᠯᠠᠯ ᠲᠠᠢ᠂ ᠡᠶ᠎ᠡ | ᠵᠣᠬᠢᠴᠠᠩᠭᠤᠢ ᠪᠠᠷ ᠡᠷᠡᠯᠬᠡᠭᠯᠡᠨ ᠤᠷᠤᠭᠰᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢᠶᠠᠷ ᠪᠢᠯᠬᠠᠵᠤ᠂ ᠵᠣᠷᠢᠭ | ᠰᠠᠨᠠᠭ᠎ᠠ ᠶᠢ ᠬᠥᠭᠵᠢᠭᠡᠬᠦ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ᠂ ᠬᠦᠴᠦᠨ ᠴᠢᠳᠠᠯ ᠢ ᠨᠢᠭᠲᠠᠷᠠᠭᠤᠯᠬᠤ | ᠢᠳᠡᠪᠬᠢᠲᠡᠢ ᠦᠷ᠎ᠡ ᠪᠦᠲᠦᠮᠵᠢ ᠤᠯᠪᠠ᠃ | ᠴᠢᠨ ᠢᠦᠢ ᠬᠤᠤ ᠴᠢᠬᠤᠯᠠᠴᠢᠯᠠᠭᠰᠠᠨ ᠨᠢ᠂ ᠰᠢᠨ᠎ᠡ ᠨᠢᠭᠡ ᠵᠢᠯ ᠳᠤ᠂ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠪᠣᠯᠤᠨ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠭ ᠲᠡᠮᠳᠡᠭ ᠲᠣᠳᠣᠷᠬᠠᠢ ᠪᠠᠷ ᠤᠯᠤᠰ | ᠲᠦᠷᠦ ᠶᠢ ᠡᠷᠬᠢᠮᠯᠡᠵᠦ᠂ ᠰᠢᠨ᠎ᠡ ᠱᠠᠲᠤᠨ ᠳᠤ ᠰᠠᠭᠤᠷᠢᠯᠠᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ | ᠡᠭᠦᠷᠭᠡᠯᠡᠵᠦ᠂ ᠭᠠᠷᠳᠠᠴᠠ ᠶᠢ ᠣᠨᠣᠪᠴᠢᠲᠠᠢ ᠡᠷᠢᠵᠦ᠂ ᠰᠡᠳᠬᠢᠯ ᠬᠤᠯᠪᠣᠬᠤ ᠬᠥᠭᠦᠷᠭᠡ ᠶᠢ ᠪᠤᠰᠬᠠᠵᠤ᠂ ᠢᠵᠢᠯ | ᠲᠥᠪᠲᠦ ᠲᠣᠭᠤᠷᠢᠭ ᠢ ᠰᠠᠶᠢᠲᠤᠷ ᠵᠢᠷᠤᠵᠤ᠂ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠪᠦᠬᠦ | ᠲᠣᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠲᠠᠯ᠎ᠠ ᠪᠠᠷ ︽ᠭᠡᠰᠢᠭᠦᠨ ᠤ ᠰᠢᠨ᠎ᠡ ᠡᠭᠦᠷᠭᠡᠯᠡᠯ︾ ᠢ ᠴᠢᠷᠮᠠᠶᠢᠨ ᠢᠯᠡᠷᠡᠭᠦᠯᠵᠦ᠂ ︽ᠤᠯᠤᠰ ᠲᠦᠷᠦ ᠶᠢᠨ | ᠵᠥᠪᠯᠡᠯᠭᠡᠨ ᠤ ᠰᠢᠨ᠎ᠡ ᠬᠤᠪᠢ ᠨᠡᠮᠡᠷᠢ︾ ᠶᠢ ᠦᠵᠡᠭᠦᠯᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠭᠤᠶᠢᠪᠢᠰᠢ | ᠦᠭᠡᠢ ᠪᠠᠷᠢᠮᠲᠠᠯᠠᠬᠤ ᠬᠡᠷᠡᠭᠲᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠯᠢᠳᠡᠭ ᠤᠯᠠᠮᠵᠢᠯᠠᠯ ᠢ | ᠵᠠᠯᠭᠠᠮᠵᠢᠯᠠᠨ ᠪᠠᠳᠠᠷᠠᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠤᠯᠤᠰ ᠲᠦᠷᠦ ᠶᠢᠨ | ᠵᠥᠪᠯᠡᠯᠭᠡᠨ ᠤ ᠠᠵᠢᠯ ᠤᠨ ᠡᠯ᠎ᠡ ᠲᠠᠯ᠎ᠠ ᠳᠤ ᠲᠤᠤᠱᠯᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠰᠢᠨ᠎ᠡ | ᠡᠭᠦᠷᠭᠡ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠨ | ᠬᠢᠨᠠᠮᠠᠭᠠᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ᠃ ᠲᠣᠭᠤᠷᠢᠭ ᠤᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠭᠤᠣᠯ | ᠬᠠᠷᠢᠭᠤᠴᠠᠯᠭ᠎ᠠ ᠭᠤᠣᠯ ᠠᠵᠢᠯ ᠢ ᠭᠦᠨᠵᠡᠭᠡᠢ ᠡᠷᠬᠢᠯᠡᠵᠦ᠂ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ | ᠬᠢᠨᠠᠯᠲᠠ ᠲᠠᠯᠪᠢᠬᠤ ᠪᠠ ᠦᠢᠯᠡᠴᠢᠯᠡᠭᠡ ᠪᠠᠷ ᠠᠬᠢᠭᠤᠯᠬᠤ ᠠᠵᠢᠯ ᠢ ᠨᠡᠩ ᠶᠡᠭᠡ ᠡᠷᠴᠢᠮ ᠢᠶᠠᠷ ᠰᠠᠶᠢᠲᠤᠷ ᠠᠳᠬᠤᠵᠤ᠂ | ᠰᠦᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ | ᠬᠤᠪᠢ ᠨᠡᠮᠡᠷᠢ ᠦᠵᠡᠭᠦᠯᠬᠦ ᠬᠡᠷᠡᠭᠲᠡᠢ᠃ ᠪᠦᠯᠬᠦᠮᠳᠡᠨ ᠲᠡᠮᠡᠴᠡᠵᠦ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠬᠡᠷᠡᠭᠲᠡᠢ᠃ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠠᠷᠠᠳ ᠤᠨ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ | ᠦᠷᠭᠦᠯᠵᠢᠯᠡᠨ ᠴᠢᠩᠭᠠᠳᠬᠠᠵᠤ᠂ ᠠᠷᠠᠳᠴᠢᠯᠠᠯ ᠪᠦᠯᠬᠦᠮᠳᠡᠯ ᠲᠠᠢ᠂ ᠡᠶ᠎ᠡ ᠵᠣᠬᠢᠴᠠᠯ ᠲᠠᠢ ᠪᠠᠷ ᠡᠷᠡᠯᠬᠡᠭᠯᠡᠨ | ᠤᠷᠤᠭᠰᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠬᠠᠮᠠᠭᠠᠯᠠᠨ ᠠᠬᠢᠭᠤᠯᠵᠤ᠂ ᠲᠣᠭᠤᠷᠢᠭ ᠤᠨ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠩ ᠰᠠᠶᠢᠲᠤᠷ | ᠨᠡᠶᠢᠭᠡᠮ ᠤᠨ ᠬᠠᠮᠲᠤ ᠶᠢᠨ ᠲᠠᠨᠢᠯᠲᠠ ᠪᠠ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ | ᠬᠡᠷᠡᠭᠲᠡᠶ᠃ ᠴᠢᠳᠠᠪᠤᠷᠢ ᠪᠠᠨ ᠳᠡᠭᠡᠭᠰᠢᠯᠡᠭᠦᠯᠵᠦ ᠰᠠᠶᠢᠨ ᠰᠠᠶᠢᠬᠠᠨ ᠲᠦᠷᠢ ᠲᠥᠷᠬᠦ ᠪᠠᠨ ᠢᠯᠡᠷᠡᠭᠦᠯᠬᠦ ᠬᠡᠷᠡᠭᠲᠡᠢ᠃ | ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠬᠢᠨ ᠦᠢᠯᠡᠴᠢᠯᠡᠬᠦ᠂ ᠲᠠᠪᠴᠠᠩ ᠪᠠᠶᠢᠭᠤᠯᠬᠤ᠂ ᠬᠠᠷᠢᠯᠴᠠᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠦᠳᠦᠯᠦᠨ | ᠳᠠᠭᠠᠭᠤᠯᠵᠤ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ | ᠬᠡᠷᠡᠭᠲᠡᠢ᠃ ᠭᠡᠰᠢᠭᠦᠳ ︽ᠤᠯᠤᠰ ᠲᠦᠷᠦ ᠶᠢᠨ ᠵᠥᠪᠯᠡᠯᠭᠡᠨ ᠢ ᠮᠡᠳᠡᠬᠦ᠂ ᠵᠥᠪᠯᠡᠯᠭᠡ ᠬᠢᠵᠦ ᠴᠢᠳᠠᠬᠤ᠂ ᠵᠠᠰᠠᠭ ᠤᠨ | ᠶᠠᠪᠤᠳᠠᠯ ᠢ ᠵᠥᠪᠯᠡᠬᠦ ᠳᠡᠭᠡᠨ ᠴᠢᠳᠠᠮᠠᠭᠠᠶ︾ ᠪᠠᠶᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ | ᠴᠢᠩᠭᠠᠳᠬᠠᠵᠤ᠂ ︽ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ᠂ ᠵᠠᠩ ᠰᠤᠷᠲᠠᠯ ᠢ | ᠴᠢᠬᠤᠯᠠᠴᠢᠯᠠᠬᠤ︾ ᠰᠠᠶᠢᠨ ᠰᠠᠶᠢᠬᠠᠨ ᠲᠦᠷᠢ ᠲᠥᠷᠬᠦ ᠪᠠᠨ ᠢᠯᠡᠷᠡᠭᠦᠯᠵᠦ᠂ ᠰᠠᠨᠠᠯ ᠵᠥᠪᠯᠡᠯᠭᠡ ᠳᠤᠷᠠᠳᠴᠤ | ᠵᠠᠰᠠᠭ ᠲᠤ ᠲᠤᠰᠠᠯᠠᠬᠤ ᠲᠡᠷᠢᠭᠦᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠤᠯᠭᠠᠭᠤᠷᠢ ᠬᠦᠴᠦᠨ᠂ | ᠬᠥᠭᠵᠢᠯᠲᠡ ᠶᠢ ᠠᠬᠢᠭᠤᠯᠬᠤ ᠵᠢᠱᠢᠶᠡᠴᠢ ᠪᠤᠯᠵᠤ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠰᠢᠨ᠎ᠡ | ᠪᠠᠶᠢᠳᠠᠯ ᠢ ᠬᠠᠮᠲᠤ ᠪᠠᠷ ᠪᠤᠢ ᠪᠣᠯᠭᠠᠬᠤ ᠬᠡᠷᠡᠭᠲᠡᠶ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃ |