ᠰᠦᠩᠱᠠᠨ ᠲᠣᠭᠤᠷᠢᠭ ᠱᠠᠰᠢᠨ ᠰᠤᠷᠲᠠᠬᠤᠨ ᠤ ᠡᠲᠡᠭᠡᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠲᠤ ᠫᠠᠶᠢᠰᠠ ᠡᠯᠭᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/3/13
      3 ᠰᠠᠷ᠎ᠠ ᠶᠢᠨ 10 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠱᠠᠰᠢᠨ ᠰᠤᠷᠲᠠᠬᠤᠨ ᠤ ᠡᠲᠡᠭᠡᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠤᠨ ᠫᠠᠶᠢᠰᠠ ᠡᠯᠭᠦᠬᠦ ᠶᠣᠰᠣᠯᠠᠯ ᠴᠠᠢ ᠬᠤ᠋ ᠯᠠᠨ ᠽᠢ ᠶᠢᠨ ᠦᠷᠡᠭᠳᠡᠭᠰᠡᠨ ᠪᠠᠭᠠᠲᠤᠷᠴᠤᠳ ᠤᠨ ᠤᠩᠭᠤᠨ ᠤ ᠬᠦᠷᠢᠶᠡᠯᠡᠩ ᠳᠤ ᠶᠠᠪᠤᠭᠳᠠᠪᠠ᠃      ᠫᠠᠶᠢᠰᠠ ᠡᠯᠭᠦᠬᠦ ᠶᠣᠰᠣᠯᠠᠯ ᠤᠨ ᠳᠠᠷᠠᠭ᠎ᠠ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠤᠨ ᠲᠥᠯᠥᠭᠡᠯᠡᠭᠴᠢ ᠬᠠᠮᠲᠤ ᠪᠠᠷ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠪᠠᠷᠠᠳᠠᠵᠤ᠂ ᠨᠥᠭᠴᠢᠭᠰᠡᠨ ᠪᠠᠭᠠᠲᠤᠷᠴᠤᠳ ᠲᠤ ᠰᠣᠷᠭᠤᠭ ᠴᠡᠴᠡᠭ ᠬᠦᠷᠭᠡᠵᠦ᠂ ᠴᠠᠢ ᠬᠤ᠋ ᠯᠠᠨ ᠽᠢ ᠶᠢᠨ ᠬᠤᠪᠢᠰᠬᠠᠯ ᠤᠨ ᠨᠥᠭᠴᠢᠭᠰᠡᠨ ᠪᠠᠭᠠᠲᠤᠷᠴᠤᠳ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠥᠨᠢᠳᠡ ᠪᠠᠯᠠᠷᠠᠰᠢ ᠦᠭᠡᠢ ᠭᠡᠷᠡᠯ ᠰᠠᠴᠤᠷᠠᠩᠭᠤᠢ ᠲᠡᠦᠬᠡ ᠶᠢ ᠨᠠᠷᠢᠨ ᠬᠢᠨᠠᠮᠠᠭᠠᠢ ᠰᠤᠷᠤᠯᠴᠠᠵᠤ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠰᠢᠷᠭᠠᠭᠤ ᠬᠠᠲᠠᠭᠤᠵᠢᠯᠲᠠᠢ ᠪᠠᠶᠢᠯᠳᠤᠭᠠᠨ ᠤ ᠪᠠᠶᠢᠳᠠᠯ ᠢ ᠬᠠᠮᠲᠤ ᠪᠠᠷ ᠡᠷᠭᠢᠴᠡᠭᠦᠯᠵᠦ᠂ ᠬᠤᠪᠢᠰᠬᠠᠯ ᠤᠨ ᠵᠣᠪᠠᠭᠤᠷᠢ ᠵᠦᠳᠡᠭᠦᠷᠢ ᠪᠠ ᠠᠭᠤᠤ ᠶᠡᠭᠡ ᠦᠢᠯᠡᠰ ᠢ ᠦᠢᠷ᠎ᠠ ᠵᠠᠢ ᠠᠴᠠ ᠮᠡᠳᠡᠷᠡᠵᠦ᠂ ᠨᠢᠭᠡ ᠤᠳᠠᠭ᠎ᠠ ᠶᠢᠨ ᠮᠠᠷᠲᠠᠭᠳᠠᠰᠢ ᠦᠭᠡᠢ ᠬᠤᠪᠢᠰᠬᠠᠯ ᠤᠨ ᠬᠥᠮᠦᠵᠢᠯ ᠤᠨ ᠳᠠᠪᠲᠠᠯᠲᠠ ᠶᠢ ᠬᠦᠷᠳᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号