1 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠰᠣᠶᠣᠯ ᠤᠨ ᠵᠠᠬ᠎ᠠ | ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠰᠦᠩᠱᠠᠨ | ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠬᠠᠮᠲᠤᠷᠠᠨ ᠬᠥᠳᠡᠯᠦᠯᠴᠡᠵᠦ᠂ | ᠬᠠᠷᠢᠶ᠎ᠠ ᠣᠷᠣᠨ ᠲᠠᠯᠠᠪᠤᠷ ᠲᠤ ᠠᠮᠤᠷ ᠲᠦᠪᠰᠢᠨ ᠤ ᠪᠠᠶᠢᠴᠠᠭᠠᠯᠲᠠ ᠬᠢᠪᠠ᠃ | ᠨᠢᠭᠡ ᠳᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠠᠵᠢᠯᠲᠠᠨ ᠠᠵᠢᠯᠴᠢᠨ ᠤ | ᠪᠣᠯᠪᠠᠰᠤᠷᠠᠭᠤᠯᠤᠯ ᠤᠨ ᠪᠠᠶᠢᠳᠠᠯ ᠳᠤ ᠪᠠᠶᠢᠴᠠᠭᠠᠯᠲᠠ ᠬᠢᠪᠡ᠃ ᠬᠤᠶᠠᠷ ᠲᠤ ᠭᠠᠯ ᠰᠡᠷᠭᠡᠶᠢᠯᠡᠨ ᠤᠨᠲᠠᠷᠠᠭᠠᠬᠤ | ᠠᠶᠤᠯᠭᠦᠶ ᠶᠢᠨ ᠪᠠᠶᠢᠴᠠᠭᠠᠯᠲᠠ ᠬᠢᠪᠡ᠃ ᠭᠤᠷᠪᠠ ᠳᠤ ᠴᠠᠬᠢᠯᠭᠠᠨ ᠬᠡᠷᠡᠭᠯᠡᠯᠲᠡ ᠶᠢᠨ ᠠᠶᠤᠯᠭᠦᠶ ᠶᠢᠨ ᠪᠠᠶᠢᠴᠠᠭᠠᠯᠲᠠ | ᠬᠢᠪᠡ᠃ ᠳᠥᠷᠪᠡ ᠳᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠠᠶᠢᠴᠠᠭᠠᠯᠲᠠ ᠬᠢᠪᠡ᠃ ᠲᠠᠪᠤ ᠳᠤ᠂ ᠲᠠᠯᠠᠪᠤᠷ | ᠭᠠᠵᠠᠷ ᠤᠨ ︽ᠭᠤᠷᠪᠠ ᠶᠢ ᠨᠢᠭᠡᠳᠬᠡᠭᠰᠡᠨ︾᠂ ︽ᠬᠤᠶᠠᠷ ᠢ ᠨᠢᠭᠡᠳᠬᠡᠭᠰᠡᠨ︾ ᠡᠵᠡᠩᠨᠡᠯᠲᠡ ᠶᠢᠨ ᠦᠵᠡᠭᠳᠡᠯ ᠤᠨ | ᠪᠠᠶᠢᠴᠠᠭᠠᠯᠲᠠ ᠵᠢᠴᠢ ᠢᠯᠡ ᠭᠠᠯ ᠢᠶᠠᠷ ᠳᠤᠯᠠᠭᠠᠯᠠᠬᠤ᠂ ᠴᠠᠬᠢᠯᠭᠠᠨ ᠬᠤᠷᠢᠶᠠᠭᠤᠷ ᠲᠡᠷᠭᠡ ᠬᠠᠳᠠᠭᠠᠯᠠᠬᠤ ᠪᠤᠶᠤ | ᠴᠠᠬᠢᠯᠭᠠᠨ ᠬᠤᠷᠢᠶᠠᠭᠤᠷ ᠲᠡᠷᠭᠡᠨ ᠳᠤ ᠴᠠᠬᠢᠯᠭᠠᠨ ᠴᠡᠨᠡᠭᠯᠡᠬᠦ ᠶᠢ ᠪᠠᠶᠢᠴᠠᠭᠠᠪᠠ᠃ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ᠂ ᠨᠡᠶᠢᠲᠡ 20 ᠰᠣᠶᠣᠯ ᠵᠢᠭᠤᠯᠴᠢᠯᠠᠯ ᠤᠨ | ᠡᠵᠡᠩᠨᠡᠯᠲᠡ ᠶᠢᠨ ᠨᠢᠭᠡᠴᠡ ᠶᠢ ᠪᠠᠶᠢᠴᠠᠭᠠᠵᠤ᠂ 11 ᠬᠥᠮᠦᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ | ᠬᠥᠳᠡᠯᠭᠡᠵᠦ᠂ 2 ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ 2 ᠭᠠᠵᠠᠷ ᠢ ᠴᠡᠭᠴᠡᠯᠡᠨ ᠵᠠᠰᠠᠪᠠ᠃ | |