︽ᠲᠠᠨ ᠤ ᠲᠥᠯᠥᠭᠡ ᠨᠣᠮ ᠪᠢᠴᠢᠭ ᠤᠩᠰᠢᠬᠤ︾ ᠨᠡᠶᠢᠲᠡ ᠶᠢᠨ ᠠᠰᠠᠷᠠᠮᠵᠢ ᠶᠢᠨ ᠬᠠᠨᠳᠢᠪ ᠤᠨ ᠠᠵᠢᠯᠯᠠᠭ᠎ᠠ ᠰᠦᠩᠱᠠᠨ ᠲᠣᠭᠤᠷᠢᠭ ᠲᠤ ᠢᠷᠡᠪᠡ
ᠨᠡᠶᠢᠲᠡᠯᠡᠭᠰᠡᠨ ᠴᠠᠭ᠄
2023/3/13
      3 ᠰᠠᠷ᠎ᠠ ᠶᠢᠨ 10 ᠤ ᠦᠳᠡ ᠶᠢᠨ ᠡᠮᠦᠨ᠎ᠡ᠂ ᠬᠤᠳᠠ ᠶᠢᠨ ᠡᠪᠯᠡᠯ ᠤᠨ ᠬᠤᠳᠠ ᠶᠢᠨ ᠬᠤᠷᠢᠶ᠎ᠠ ᠠᠴᠠ ᠬᠤᠳᠠ ᠶᠢᠨ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠫᠢᠨ ᠳ᠋ᠥᠸᠧ ᠳ᠋ᠥᠸᠧ ᠲᠠᠢ  ᠬᠠᠮᠲᠤᠷᠠᠭᠰᠠᠨ ᠫᠢᠨ ᠳ᠋ᠥᠸᠧ ᠳ᠋ᠥᠸᠧ ︽ᠲᠠᠨ ᠤ ᠲᠥᠯᠥᠭᠡ ᠨᠣᠮ ᠪᠢᠴᠢᠭ ᠤᠩᠰᠢᠬᠤ︾ ᠨᠡᠶᠢᠲᠡ ᠶᠢᠨ ᠠᠰᠠᠷᠠᠮᠵᠢ ᠶᠢᠨ ᠬᠠᠨᠳᠢᠪ ᠤᠨ ᠠᠵᠢᠯᠯᠠᠭ᠎ᠠ ᠰᠦᠩᠱᠠᠨ ᠲᠤᠭᠤᠷᠢᠭ ᠤᠨ ᠴᠢᠳᠬᠤᠯᠠᠩ ᠳᠤᠮᠳᠠᠳᠤ ᠰᠤᠷᠭᠠᠭᠤᠯᠢ ᠳᠤ ᠬᠦᠷᠪᠡ᠃ ᠬᠤᠲᠠ ᠶᠢᠨ ᠡᠪᠯᠡᠯ ᠤᠨ ᠬᠤᠷᠢᠶ᠎ᠠ ᠶᠢᠨ ᠱᠦᠵᠢ ᠯᠦ ᠰᠢᠤ ᠴᠢᠩ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠦ᠋ ᠴᠢᠶᠠᠩ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠤᠷᠭᠠᠭᠤᠯᠢ ᠳᠤ 1000 ᠭᠠᠷᠤᠢ ᠳᠡᠪᠲᠡᠷ ᠨᠣᠮ ᠪᠢᠴᠢᠭ ᠬᠠᠨᠳᠢᠪᠯᠠᠪᠠ᠃      ᠯᠦ ᠰᠢᠤ ᠴᠢᠩ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠡᠶᠢᠭᠡᠮ ᠤᠨ ᠬᠦᠴᠦᠨ ᠲᠠᠢ ᠬᠠᠷᠢᠯᠴᠠᠬᠤ ᠶᠢ ᠢᠳᠡᠪᠬᠢᠲᠡᠢ ᠲᠠᠶᠢᠴᠢᠯᠠᠵᠥ᠂ ᠡᠪᠯᠡᠯ᠂ ᠰᠤᠷᠭᠠᠭᠤᠯᠢ᠂ ᠭᠠᠵᠠᠷ ᠣᠷᠣᠨ᠂ ᠠᠵᠤ ᠠᠬᠤᠶᠢᠯᠠᠯ ᠤᠨ ᠡᠬᠢ ᠪᠠᠶᠠᠯᠢᠭ ᠢ ᠴᠢᠨᠠᠭᠰᠢᠳᠠ ᠨᠡᠶᠢᠳᠬᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠬᠦᠷᠢᠶ‌‍᠎ᠡ᠎ᠡ ᠶᠢ ᠥᠷᠭᠡᠳᠬᠡᠵᠦ᠂ ᠬᠦᠴᠦᠨ ᠴᠢᠳᠠᠯ ᠪᠣᠯᠤᠨ ᠳᠠᠪᠠᠭᠤᠯᠢᠭ ᠢᠶᠠᠨ ᠦᠨᠳᠦᠰᠦᠨ ᠱᠠᠲᠤᠨ ᠤ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ ᠤ ᠵᠠᠯᠠᠭᠤᠴᠤᠳ ᠪᠠᠭᠠᠴᠤᠳ ᠲᠡᠰᠢ ᠬᠡᠯᠪᠠᠶᠢᠯᠭᠡᠵᠦ᠂ ︽ᠬᠡᠦᠬᠡᠳ ᠤᠨ ᠰᠡᠳᠬᠢᠯ ᠢ ᠳᠤᠯᠠᠭᠠᠴᠠᠭᠤᠯᠬᠤ︾᠂ ︽ᠪᠢᠴᠢᠭ ᠤᠨ ᠰᠤᠷᠪᠤᠯᠵᠢ ᠪᠠᠷ ᠰᠤᠷᠤᠯᠭ᠎ᠠ ᠶᠢ ᠲᠡᠳᠬᠦᠬᠦ︾ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠬᠡᠷᠡᠭᠲᠡᠢ᠃      ᠳᠠᠷᠠᠭ᠎ᠠ ᠨᠢ᠂ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠠᠴᠠ ᠰᠤᠷᠤᠭᠴᠢᠳ ᠲᠤ ︽ᠰᠠᠶᠢᠨ ᠤᠩᠰᠢᠯᠭ᠎ᠠ ᠶᠢᠨ ᠳᠠᠳᠬᠠᠯ ᠢ ᠪᠣᠶ ᠪᠣᠯᠭᠠᠬᠤ︾ ᠲᠤᠰᠬᠠᠶ ᠰᠡᠳᠦᠪᠲᠦ ᠲᠠᠶᠢᠯᠤᠮᠵᠢ ᠬᠢᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号