ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠳᠥᠯᠭᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮᠴᠢᠯᠡᠬᠦ ︽ᠰᠢᠨ᠎ᠡ ᠣᠶᠢᠯᠠᠭᠠᠯᠲᠠ︾ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/3/13
     ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ ︾ ᠶᠢ ᠭᠦᠨᠵᠡᠭᠡᠶ ᠳᠥᠯᠭᠢᠨ ᠠᠬᠢᠭᠤᠯᠬᠤ ᠪᠣᠯ ᠡᠯᠧᠺᠲᠷᠣᠨ ᠵᠠᠰᠠᠭ ᠤᠨ ᠶᠠᠪᠤᠳᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠥᠯᠭᠢᠨ ᠠᠬᠢᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠤ ᠲᠤᠬᠠᠶ ᠰᠦᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠯᠢ ᠮᠢᠩ ᠰᠢᠤᠸᠠᠨ᠂ ᠰᠦᠨ ᡁᠢ ᠴᠢᠶᠠᠩ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠭᠡ ᠪᠠᠷ ᠳᠡᠯᠭᠡᠷᠡᠭᠦᠯᠵᠦ᠂ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠢ ᠰᠦᠯᠵᠢᠶᠡᠨ ᠳᠡᠭᠡᠷᠡᠬᠢ ᠬᠡᠷᠡᠭ ᠡᠷᠬᠢᠯᠡᠬᠦᠬᠦ ᠶᠡᠭᠡ ᠲᠢᠩᠬᠢᠮ ᠵᠦᠭ ᠥᠷᠭᠡᠳᠬᠡᠬᠦ ᠲᠠᠯ᠎ᠠ ᠪᠠᠷ ᠰᠠᠨᠠᠭᠤᠯᠭ᠎ᠠ ᠳᠤᠷᠠᠳᠴᠠᠶ᠃      ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠰᠠᠨᠠᠯ ᠳᠤᠷᠠᠳᠤᠯᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ ᠴᠠᠭ ᠲᠤᠬᠠᠶ ᠳᠤᠨᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠤᠨ ᠰᠤᠳᠤᠯᠵᠤ᠂ ᠲᠤᠰ ᠰᠠᠨᠠᠯ ᠳᠤᠷᠠᠳᠤᠯᠭ᠎ᠠ ᠳᠤ ᠳᠤᠷᠠᠳᠤᠭᠰᠠᠨ ᠠᠰᠠᠭᠤᠳᠠᠯ ᠪᠠ ᠠᠵᠢᠯ ᠤᠨ ᠰᠠᠨᠠᠭᠤᠯᠭ᠎ᠠ ᠶᠢ ᠦᠨᠳᠦᠰᠦᠯᠡᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠦᠨᠡᠨ ᠬᠦ ᠲᠦᠯᠬᠢᠨ ᠠᠬᠢᠭᠤᠯᠪᠠ᠃      ᠣᠶᠢᠷ᠎ᠠ ᠶᠢᠨ ᠵᠢᠯ ᠤᠳ ᠲᠤ᠂ ᠰᠦᠩᠱᠠᠨ ᠲᠣᠭᠤᠷᠢᠭ  ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ︾ ᠤᠨ ᠲᠣᠭᠤᠷᠢᠨ ᠳᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ 2022 ᠣᠨ ᠤ 11 ᠰᠠᠷ᠎ᠠ ᠳᠤ᠂ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠵᠢᠩᠬᠢᠨᠢ ᠪᠠᠷ ᠠᠰᠢᠭᠯᠠᠯᠲᠠ ᠳᠤ ᠤᠷᠤᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠩ ᠳᠥᠭᠦᠮ ᠳᠥᠲᠡ᠂ ᠨᠠᠩ ᠣᠶᠤᠨᠯᠢᠭ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠲᠢᠩᠬᠢᠮ ᠳᠤ ᠨᠡᠶᠢᠲᠡ 182 ᠴᠣᠩᠬᠤ ᠭᠠᠷᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ ᠦᠢᠯᠡᠴᠢᠯᠡᠭᠡ ᠳᠤ ᠬᠤᠯᠪᠣᠭᠳᠠᠬᠤ 41 ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠲᠣᠭᠤᠷᠢᠭ ᠲᠤ ᠰᠠᠭᠤᠭ᠎ᠠ ᠵᠤᠷᠪᠤᠰᠯᠠᠨ ᠬᠠᠮᠢᠶᠠᠷᠬᠤ ᠨᠢᠭᠡᠴᠡ ᠣᠷᠣᠵᠤ ᠰᠠᠭᠤᠪᠠ᠃ ᠶᠡᠭᠡ ᠲᠢᠩᠬᠢᠮ ᠤᠨ ᠪᠠᠶᠢᠷᠢᠰᠢᠭᠤᠯᠤᠯ᠂ ᠴᠢᠳᠠᠮᠵᠢ᠂ ᠲᠥᠬᠦᠭᠡᠷᠦᠮᠵᠢ ᠵᠢᠴᠢ ᠠᠵᠢᠯᠲᠠᠨ ᠤ ᠲᠣᠬᠢᠷᠠᠭᠤᠯᠤᠯᠲᠠ ᠶᠢ ᠴᠥᠮ ᠲᠠᠰ ᠳᠡᠪᠰᠢᠭᠦᠯᠪᠡ᠃ ᠠᠳᠡ᠂ ᠠᠵᠤ ᠠᠬᠤᠶᠢᠯᠠᠯ ᠪᠠ ᠣᠯᠠᠨ ᠲᠦᠮᠡᠨ ᠠᠵᠢᠯ ᠶᠠᠪᠤᠳᠠᠯ ᠭᠦᠢᠴᠡᠳᠬᠡᠬᠦ  ᠲᠤ ᠪᠠᠨ ︽ᠨᠢᠭᠡ ᠯᠡ ᠡᠭᠦᠳᠡ ᠪᠠᠷ ᠣᠷᠣᠵᠤ᠂ ᠨᠢᠭᠡ ᠯᠡ ᠤᠳᠠᠭ᠎ᠠ ᠭᠦᠶᠦᠵᠦ︾᠂ ᠨᠠᠩ ᠲᠦᠷᠭᠡᠨ᠂ ᠨᠠᠩ ᠲᠠᠭᠠᠯᠠᠮᠵᠢᠲᠠᠶ ᠠᠵᠢᠯ ᠶᠠᠪᠤᠳᠠᠯ ᠤᠨ ᠥᠩᠭᠡᠷᠡᠯᠲᠡ ᠶᠢ ᠡᠳ᠋ᠯᠡᠵᠦ ᠪᠣᠯᠤᠨ᠎ᠠ᠃      ᠣᠳᠣᠬᠠᠨ ᠳᠤ᠂ ᠰᠦᠩᠱᠠᠨ ᠲᠣᠭᠤᠷᠢᠭ ᠤᠨ 10337 ᠠᠵᠤ ᠠᠬᠤᠶᠢᠯᠠᠯ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠳᠤ ᠣᠷᠣᠵᠤ ᠰᠠᠭᠤᠭᠰᠠᠨ ᠪᠠᠶᠢᠨ᠎ᠠ᠃ 2022 ᠣᠨ ᠠᠴᠠ ᠨᠠᠰᠢ᠂ ᠲᠥᠪ ᠠᠴᠠ ᠠᠵᠤ ᠠᠬᠤᠶᠢᠯᠠᠯ ᠢ ᠤᠬᠠᠭᠤᠯᠤᠨ ᠵᠢᠯᠣᠭᠤᠳᠬᠤ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ ︽ᠦᠪᠦᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠢᠶᠠᠷ ᠳᠠᠮᠵᠢᠭᠤᠯᠤᠨ᠂ ᠠᠵᠤ ᠠᠬᠤᠶᠢᠯᠠᠯ ᠳᠤ ᠭᠤᠮᠣᠳᠠᠯ ᠱᠠᠭᠠᠷᠳᠠᠯᠭ᠎ᠠ ᠶᠢ ᠲᠤᠰᠬᠠᠬᠤ᠂ ᠲᠥᠷᠥ ᠶᠢᠨ ᠪᠣᠳᠣᠯᠭ᠎ᠠ ᠶᠢ ᠬᠦᠷᠭᠡᠬᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠰᠦᠢᠳᠬᠡᠯ ᠬᠤᠷᠢᠶᠠᠬᠤ ᠥᠬᠡᠶ ᠪᠠᠷ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ︽ᠨᠢᠭᠡ ᠯᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠣᠳᠣᠬᠠᠨ ᠳᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠡᠶᠢᠲᠡ 161 ᠨᠡᠶᠢᠲᠡᠯᠡᠵᠦ᠂ ᠠᠵᠤ ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠶᠢ 12 ᠰᠢᠢᠳᠪᠦᠷᠢᠯᠡᠭᠰᠡᠨ ᠪᠠᠶᠢᠨ᠎ᠠ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ︽ᠠᠵᠤ ᠠᠬᠤᠶᠢᠯᠠᠯ ᠳᠤ ᠠᠰᠢᠭ ᠬᠦᠷᠲᠡᠭᠡᠬᠦ︾ ᠪᠠ ︽ᠵᠢᠵᠢᠭ ᠪᠢᠴᠢᠯ ᠠᠵᠤ ᠠᠬᠤᠶᠢᠯᠠᠯ︾ ᠤᠨ ᠲᠤᠰᠬᠠᠶ ᠪᠤᠯᠤᠩ ᠭᠠᠷᠭᠠᠵᠤ᠂ ᠵᠠᠰᠠᠭ ᠤᠨ ᠣᠷᠳᠣᠨ ᠤ  ᠠᠯᠪᠠᠨ ᠰᠦᠯᠵᠢᠶ᠎ᠡ ᠳᠤ ︽ᠠᠵᠤ ᠠᠬᠤᠶᠢᠯᠠᠯ ᠳᠤ ᠠᠰᠢᠭ ᠬᠦᠷᠲᠡᠭᠡᠬᠦ︾ ᠲᠤᠰᠬᠠᠶ ᠲᠣᠭᠤᠷᠢᠭ ᠭᠠᠷᠭᠠᠵᠤ᠂ ᠸᠢᠴᠠᠲ ᠤᠨ ᠨᠡᠶᠢᠲᠡ ᠶᠢᠨ ᠳ᠋ᠤᠭᠠᠷ ᠤᠨ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠬᠡᠪᠯᠡᠯ ᠳᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠤᠬᠠᠭᠤᠯᠤᠨ ᠳᠡᠯᠭᠡᠷᠡᠭᠦᠯᠪᠡ᠃ ᠲᠤᠰᠬᠠᠶ ᠪᠤᠯᠤᠩ ᠪᠠ ᠬᠡᠪᠯᠡᠯ ᠤᠨ ᠬᠡᠰᠡᠭ ᠢ ᠪᠠᠶᠢᠭᠤᠯᠬᠤ ᠪᠠᠷ ᠳᠠᠮᠵᠢᠭᠤᠯᠤᠨ᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠤᠨ ᠬᠤᠯᠪᠣᠯᠳᠤᠨ ᠨᠡᠪᠲᠡᠷᠡᠯᠴᠡᠬᠦ᠂ ᠬᠠᠷᠢᠯᠴᠠᠨ ᠬᠥᠳᠡᠯᠦᠯᠴᠡᠬᠦ ᠲᠠᠪᠴᠠᠩ ᠢ ᠪᠠᠶᠢᠭᠤᠯᠪᠠ᠃  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠪᠠᠰᠠ ᠬᠡᠷᠡᠭ ᠡᠷᠭᠢᠯᠡᠬᠦ ᠲᠢᠩᠬᠢᠮ ᠳᠤ ᠵᠥᠪᠯᠡᠯᠭᠡ ᠥᠭᠴᠦ ᠵᠢᠭᠠᠨ ᠵᠢᠯᠣᠭᠤᠳᠬᠤ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ︽ᠬᠠᠪᠰᠤᠷᠤᠨ ᠣᠷᠣᠯᠠᠨ ᠭᠦᠢᠴᠡᠳᠬᠡᠬᠦ︾ ᠴᠣᠩᠬᠤ ᠭᠠᠷᠭᠠᠵᠤ᠂ ᠠᠵᠤ ᠠᠬᠤᠶᠢᠯᠠᠯ᠂ ᠣᠯᠠᠨ ᠲᠦᠮᠡᠨ ᠳᠤ ᠬᠠᠨᠳᠤᠯᠭᠠᠲᠤ ᠴᠢᠨᠠᠷᠲᠠᠶ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠭᠦᠢᠴᠡᠳᠬᠡᠬᠦ ᠪᠠ ᠬᠠᠪᠰᠤᠷᠤᠨ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠣᠳᠣᠬᠠᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠨᠢᠭᠡᠨᠲᠡ ︽ᠨᠢᠭᠡ ᠯᠡ ᠤᠳᠠᠭ᠎ᠠ ᠳᠤ ᠭᠦᠢᠴᠡᠳᠬᠡᠬᠦ︾ ᠲᠤᠬᠠᠶᠢᠯᠠᠭᠰᠠᠨ ᠠᠵᠢᠯ ᠢ 25610᠂ ︽ᠬᠠᠪᠰᠤᠷᠤᠨ ᠣᠷᠣᠯᠠᠨ ᠭᠦᠢᠴᠡᠳᠬᠡᠬᠦ︾ ᠲᠤᠬᠠᠶᠢᠯᠠᠭᠰᠠᠨ ᠠᠵᠢᠯ ᠢ 356 ᠭᠥᠯᠢᠶᠡᠨ ᠠᠪᠴᠤ  ᠰᠢᠢᠳᠪᠦᠷᠢᠯᠡᠪᠡ᠃      ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠰᠠᠶᠢᠲᠤᠷ ᠬᠢᠬᠦ ᠶᠢᠨ ᠵᠡᠷᠭᠡ ᠳᠤ᠂  ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠰᠠ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠥᠪᠡᠰᠦᠪᠡᠨ  ᠦᠢᠯᠡᠴᠢᠯᠡᠬᠦ ᠬᠠᠭᠤᠳᠠᠰᠤ ᠲᠠᠭᠯᠠᠬᠤ ᠮᠠᠰᠢᠨ᠂ ᠥᠪᠡᠰᠦᠪᠡᠨ ᠦᠢᠯᠡᠴᠢᠯᠡᠬᠦ ᠤᠶᠤᠨᠲᠤ ᠨᠢᠭᠡ ᠴᠣᠭᠴᠠᠲᠤ ᠮᠠᠰᠢᠨ᠂ ᠤᠶᠤᠨᠲᠤ ᠮᠠᠰᠢᠨ ᠬᠥᠮᠦᠨ ᠵᠡᠷᠭᠡ ᠲᠥᠬᠦᠭᠡᠷᠦᠮᠵᠢ ᠶᠢ ᠨᠡᠮᠡᠵᠦ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠰᠢᠨ᠎ᠡ ᠮᠡᠷᠭᠡᠵᠢᠯ ᠢ ᠭᠦᠢᠴᠡᠳ ᠬᠡᠷᠡᠭᠯᠡᠨ᠂ ᠠᠵᠢᠯ ᠶᠠᠪᠤᠳᠠᠯ  ᠭᠦᠢᠴᠡᠳᠬᠡᠬᠦ ᠣᠯᠠᠨ ᠲᠦᠮᠡᠨ ᠳᠤ ᠨᠠᠩ ᠣᠶᠤᠨᠴᠢ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号