ᠰᠦᠩᠱᠠᠨ ᠲᠣᠭᠤᠷᠢᠭ ᠤᠨ ᠴᠠᠭᠠᠨ ᠰᠠᠷ᠎ᠠ ᠶᠢᠨ ᠤᠷᠠᠨ ᠵᠢᠷᠤᠭ ᠤᠨ ᠦᠵᠡᠰᠬᠦᠯᠡᠩ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/3/13
     2 ᠰᠠᠷ᠎ᠠ ᠶᠢᠨ 2 ᠤᠨ ᠦᠳᠡ ᠶᠢᠨ ᠡᠮᠦᠨ᠎ᠡ᠂ ︽ᠦᠵᠡᠰᠬᠦᠯᠡᠩᠲᠦ ᠰᠠᠶᠢᠬᠠᠨ ᠰᠦᠩᠱᠠᠨ᠂ ᠦᠯᠵᠡᠶᠢᠲᠦ ᠲᠠᠤᠯᠠᠢ ᠵᠢᠯ ᠢ ᠤᠭᠲᠤᠬᠤ︾ ᠰᠦᠩᠱᠠᠨ ᠲᠣᠭᠤᠷᠢᠭ ᠤᠨ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠰᠦᠩᠪᠸᠢ ᠶᠢᠨ ᠶᠡᠷᠦᠩᠬᠡᠶᠢᠯᠡᠭᠰᠡᠨ ᠲᠠᠯᠠᠪᠠᠢ ᠣᠷᠳᠣᠨ ᠳᠤ ᠵᠢᠩᠬᠢᠨᠢ ᠪᠠᠷ ᠡᠬᠢᠯᠡᠪᠡ᠃      ᠲᠣᠰ ᠤᠳᠠᠭᠠᠨ ᠤ ᠤᠷᠠᠨ ᠵᠢᠷᠤᠭ ᠤᠨ ᠦᠵᠡᠰᠬᠦᠯᠡᠩ ᠳᠤ ᠨᠡᠶᠢᠲᠡ 133 ᠪᠦᠲᠦᠭᠡᠯ ᠢ ᠳᠡᠯᠭᠡᠨ ᠦᠵᠡᠭᠦᠯᠵᠦ᠂ ᠬᠢᠲᠠᠳ ᠵᠢᠷᠤᠭ᠂ ᠲᠣᠰᠣᠨ ᠪᠤᠳᠤᠭ ᠤᠨ ᠵᠢᠷᠤᠭ᠂ ᠪᠠᠷ ᠵᠢᠷᠤᠭ ᠵᠡᠷᠭᠡ ᠣᠯᠠᠨ ᠲᠥᠷᠥᠯ ᠤᠨ ᠵᠢᠷᠤᠭ ᠤᠨ ᠲᠥᠷᠥᠯ ᠢ ᠬᠠᠮᠤᠷᠴᠤ᠂ ᠬᠥᠮᠦᠨ᠂ ᠠᠭᠤᠯᠠ ᠤᠰᠤ ︵ᠦᠵᠡᠮᠵᠢ︶᠂ ᠴᠡᠴᠡᠭ ᠰᠢᠪᠠᠭᠤ ᠵᠡᠷᠭᠡ ᠠᠳᠠᠯᠢ ᠪᠤᠰᠤ ᠰᠡᠳᠦᠪᠯᠡᠬᠦᠨ ᠢ ᠬᠠᠮᠤᠷᠴᠠᠶ᠃ ᠤᠷᠠᠨ ᠪᠦᠲᠦᠭᠡᠯ ᠨᠢ ᠡᠷᠬᠢᠮᠰᠦᠭ᠂ ᠤᠷ᠎ᠠ ᠮᠡᠷᠭᠡᠵᠢᠯ ᠢᠶᠠᠷ ᠢᠶᠠᠨ ᠰᠢᠨ᠎ᠡ ᠴᠠᠭ ᠦᠶ᠎ᠡ ᠶᠢᠨ ᠠᠭᠤᠷ ᠠᠮᠢᠰᠬᠤᠯ ᠢ ᠭᠤᠶᠢᠳᠠ ᠰᠠᠶᠢᠬᠠᠨ ᠵᠢᠷᠤᠭᠯᠠᠵᠤ᠂ ᠰᠦᠩᠱᠠᠨ ᠤ ᠬᠥᠪᠡᠭᠦᠳ ᠥᠬᠢᠳ ᠤᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠢᠷᠡᠭᠡᠳᠦᠶ ᠵᠦᠭ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂ ᠴᠡᠴᠡᠭᠯᠡᠨ ᠬᠥᠭᠵᠢᠭᠰᠡᠨ ᠠᠭᠤᠷ ᠠᠮᠢᠰᠬᠤᠯ ᠢᠶᠠᠷ ᠪᠢᠯᠬᠠᠵᠤ᠂ ᠬᠤᠲᠠ ᠶᠢᠨ ᠠᠷᠠᠳ ᠲᠤ ᠡᠯᠪᠡᠭ ᠪᠠᠶᠠᠯᠢᠭ ᠴᠠᠭᠠᠨ ᠰᠠᠷ᠎ᠠ ᠶᠢᠨ ᠤᠷᠠᠯᠢᠭ ᠤᠨ ᠦᠪᠡᠳᠡᠭᠰᠢ ᠨᠠᠶᠢᠷ ᠢ ᠡᠷᠭᠦᠨ ᠪᠠᠷᠢᠪᠠ᠃      ᠲᠤᠰ ᠤᠳᠠᠭᠠᠨ ᠤ ᠤᠷᠠᠨ ᠵᠢᠷᠤᠭ ᠤᠨ ᠦᠵᠡᠭᠦᠯᠦᠯᠭᠡ ᠶᠢ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠦᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠰᠦᠩᠱᠠᠨ ᠲᠣᠭᠤᠷᠢᠭ ᠤᠨ ᠰᠣᠶᠣᠯ ᠤᠨ ᠣᠷᠳᠣᠨ᠂ ᠰᠦᠩᠱᠠᠨ ᠲᠣᠭᠤᠷᠢᠭ ᠤᠨ ᠤᠷᠠᠨ ᠵᠢᠷᠤᠭᠴᠢᠳ ᠤᠨ ᠨᠡᠶᠢᠭᠡᠮᠯᠢᠭ ᠳᠠᠭᠠᠭᠠᠴᠢᠯᠠᠨ ᠡᠷᠭᠢᠯᠡᠵᠦ᠂ ᠰᠦᠩᠱᠠᠨ ᠲᠣᠭᠤᠷᠢᠭ ᠤᠨ ᠴᠢᠶᠠᠨ ᠢ ᠤᠷᠠᠯᠢᠭ ᠤᠨ ᠰᠤᠷᠭᠠᠭᠤᠯᠢ ᠬᠠᠮᠵᠢᠨ ᠡᠷᠭᠢᠯᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号