3 ᠰᠠᠷ᠎ᠠ ᠶᠢᠨ 6 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ︽ | ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠦᠩᠭᠡ ᠭᠢᠯᠪᠠᠭ᠎ᠠ ᠶᠢ ᠪᠠᠳᠠᠷᠠᠭᠤᠯᠤᠶ᠎ᠠ︾ ᠭᠡᠬᠦ ᠭᠤᠣᠯ ᠰᠡᠳᠦᠪ ᠲᠠᠢ ︽ | 3 · 8︾ ᠢ ᠪᠡᠯᠭᠡᠯᠡᠬᠦ ᠡᠮᠡᠭᠲᠡᠢ ᠠᠵᠢᠯᠳᠠᠨ ᠠᠵᠢᠯᠴᠢᠨ ᠤ ᠳᠠᠭᠤᠤ ᠶᠢᠨ ᠤᠷᠤᠯᠳᠤᠭᠠᠨ ᠢ ᠡᠷᠬᠢᠯᠡᠪᠡ᠃ | ᠤᠷᠤᠯᠳᠤᠭᠠᠨ ᠨᠢ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠡᠮᠡᠭᠲᠡᠢ ᠠᠵᠢᠯᠳᠠᠨ ᠠᠵᠢᠯᠴᠢᠨ ᠤ | ᠳᠠᠭᠤᠤ ᠪᠥᠵᠢᠭ ᠲᠤ ᠬᠥᠰᠢᠭᠡ ᠪᠠᠨ ᠰᠡᠬᠦᠪᠡ᠃ ᠲᠤᠰ ᠤᠳᠠᠭᠠᠨ ᠤ ᠤᠷᠤᠯᠳᠤᠭᠠᠨ ᠳᠤ ᠨᠡᠶᠢᠲᠡ 13 | ᠲᠥᠯᠥᠭᠡᠯᠡᠭᠴᠢᠳ ᠤᠨ ᠠᠩᠭᠢ ᠣᠷᠣᠯᠴᠠᠵᠤ᠂ ᠲᠣᠭᠯᠠᠭᠴᠢᠳ ᠨᠠᠶᠢᠷᠠᠯ ᠳᠠᠭᠤᠤ᠂ ᠬᠠᠮᠲᠤ ᠶᠢᠨ ᠤᠷᠠᠨ ᠤᠩᠰᠢᠯᠭ᠎ᠠ᠂ | ᠬᠤᠪᠢ ᠬᠥᠮᠦᠨ ᠤ ᠤᠷᠠᠨ ᠤᠩᠰᠢᠯᠭ᠎ᠠ ᠵᠡᠷᠭᠡ ᠬᠡᠯᠪᠡᠷᠢ ᠪᠠᠷ ︽ᠪᠢ ᠳᠤᠮᠳᠠᠳᠤ ᠤᠯᠤᠰ ᠢᠶᠠᠨ ᠬᠠᠶᠢᠷᠠᠯᠠᠨ᠎ᠠ︾ ︽ | ᠵᠣᠯ ᠵᠢᠷᠭᠠᠯᠲᠤ ᠳᠤᠮᠳᠠᠳᠤ ᠤᠯᠤᠰ ᠬᠠᠮᠲᠤ ᠪᠠᠷ ᠶᠠᠪᠤᠨ᠎ᠠ︾ ︽ᠡᠮᠡᠭᠲᠡᠶᠢᠴᠦᠳ ᠴᠤᠬᠤᠮ ᠬᠡᠳᠦᠶ ᠰᠠᠶᠢᠬᠠᠨ ᠪᠤᠶ︾ | ︽ᠰᠠᠷᠠᠨ ᠤ ᠭᠡᠷᠡᠯ ᠳᠣᠣᠷᠠᠬᠢ ᠳᠤᠮᠳᠠᠳᠤ ᠤᠯᠤᠰ︾ ︽ᠰᠠᠨᠠᠭᠰᠠᠨ ᠶᠣᠰᠣᠭᠠᠷ︾ ᠵᠡᠷᠭᠡ ᠭᠤᠣᠯ ᠰᠡᠳᠦᠪ ᠢᠶᠠᠷ ᠡᠬᠡ | ᠣᠷᠣᠨ ᠢᠶᠠᠨ ᠮᠠᠭᠲᠠᠨ ᠰᠠᠶᠢᠰᠢᠶᠠᠵᠤ᠂ ᠡᠮᠡᠭᠲᠡᠶᠢᠴᠦᠳ ᠢ ᠮᠠᠭᠲᠠᠨ ᠳᠠᠭᠤᠯᠠᠵᠤ᠂ ᠠᠮᠢᠳᠤᠷᠠᠯ ᠳᠠᠭᠠᠨ ᠬᠠᠶᠢᠷᠠᠲᠠᠶ | ᠪᠠᠶᠢᠭ᠎ᠠ ᠪᠠᠨ ᠤᠶᠠᠩᠭᠠᠯᠠᠨ᠂ ᠡᠮᠡᠭᠲᠡᠶᠢᠴᠦᠳ ᠤᠨ ᠬᠠᠷᠢᠭᠤᠴᠠᠯᠭ᠎ᠠ᠂ ᠬᠤᠪᠢ ᠨᠡᠮᠡᠷᠢ ᠪᠠ ᠡᠭᠦᠷᠭᠡᠯᠡᠯ ᠢ ᠬᠠᠷᠠᠭᠤᠯᠪᠠ᠃ | |