3 ᠰᠠᠷ᠎ᠠ ᠶᠢᠨ 9 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠵᠦᠩ ᠴᠢᠩ ᠰᠦᠩ 2023 ᠣᠨ ᠤ ᠬᠤᠶᠠᠳᠤᠭᠠᠷ ᠤᠳᠠᠭ᠎ᠠ ᠶᠢᠨ ᠲᠣᠭᠤᠷᠢᠭ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶ᠎ᠠ ᠶᠢᠨ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠲᠣᠭᠲᠠᠭᠠᠯ︾ ᠢ ᠤᠯᠠᠮᠵᠢᠯᠠᠨ ᠰᠤᠷᠤᠯᠴᠠᠪᠠ︔ | ︽ᠲᠠᠪᠤᠨ ᠶᠡᠭᠡ ᠡᠭᠦᠷᠭᠡ︾ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ︔ ᠤᠯᠤᠰ ᠤᠨ ᠥᠮᠴᠢᠯᠡᠯᠲᠦ | ᠺᠣᠮᠫᠠᠨᠢ ᠶᠢᠨ ᠡᠵᠡᠩᠨᠡᠯᠲᠡ᠂ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠤ ᠪᠡᠯᠡᠳᠬᠡᠯ᠂ ᠭᠠᠵᠠᠷ ᠰᠢᠷᠣᠶ ᠶᠢ | ᠶᠡᠷᠦᠩᠬᠡᠶᠢᠯᠡᠨ ᠵᠠᠰᠠᠬᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ | ᠪᠠᠬᠢᠯᠡᠯᠲᠡ︾ ᠶᠢ ᠪᠦᠳᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠪᠠ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ᠎ᠠ᠂ | ᠣᠳᠣᠬᠢᠴᠢᠯᠠᠭᠰᠠᠨ ᠰᠢᠨ᠎ᠡ ᠰᠦᠩᠱᠠᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠡᠷᠬᠡᠪᠰᠢ ᠡᠭᠦᠷᠭᠡᠯᠡᠬᠦ | ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠪᠥᠬᠦ ᠣᠷᠣᠨ ᠢᠶᠠᠷ ᠢᠶᠠᠨ ᠡᠷᠬᠡᠪᠰᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ | ᠳᠥᠯᠭᠢᠨ ᠠᠬᠢᠭᠤᠯᠵᠤ᠂ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ᠂ ᠠᠷᠭ᠎ᠠ ᠬᠡᠮᠵᠢᠶ᠎ᠡ ᠲᠣᠭᠲᠠᠭᠠᠵᠤ᠂ | ᠬᠠᠷᠢᠭᠤᠴᠠᠯᠭ᠎ᠠ ᠲᠣᠭᠲᠠᠭᠠᠵᠤ᠂ ᠴᠠᠭ ᠤᠨ ᠬᠢᠵᠠᠭᠠᠷ ᠢ ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠲᠥᠰᠦᠯ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠤᠨᠢᠨ ᠳᠡᠭᠡᠷ᠎ᠡ ᠨᠢ ᠬᠦᠴᠦᠯᠡᠨ ᠰᠠᠶᠢᠲᠤᠷ ᠪᠡᠶᠡᠯᠡᠭᠦᠯᠬᠦ ᠬᠡᠷᠡᠭᠲᠡᠢ᠃ | ᠬᠠᠷᠠᠯᠲᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠵᠣᠯᠭᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ | ᠴᠢᠩᠭᠠᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢᠨ ᠠᠵᠢᠯ ᠤᠨ ᠲᠦᠷᠭᠡᠨ ᠤᠷᠤᠭᠰᠢᠯᠠᠬᠤ ᠶᠢ | ᠠᠬᠢᠭᠤᠯᠬᠤ ᠬᠡᠷᠡᠭᠲᠡᠢ᠃ ᠰᠠᠭᠤᠷᠢ ᠶᠢ ᠪᠠᠲᠤᠳᠬᠠᠬᠤ᠂ ᠠᠯᠤᠰ ᠬᠡᠳᠤ ᠳᠤ ᠠᠰᠢᠭᠲᠠᠢ᠂ ᠨᠥᠭᠡᠴᠡ ᠬᠦᠴᠦᠨ ᠢ | ᠨᠡᠮᠡᠭᠳᠡᠭᠦᠯᠬᠦ ᠨᠢᠭᠡ ᠪᠦᠯᠦᠭ ᠰᠠᠶᠢᠨ ᠲᠦᠷᠦᠯ ᠵᠦᠢᠯ᠂ ᠲᠤᠮᠤ ᠲᠦᠷᠦᠯ ᠵᠦᠢᠯ ᠢ ᠱᠠᠯᠠᠪᠳᠠᠨ ᠲᠥᠯᠥᠪᠵᠢᠭᠦᠯᠵᠦ᠂ ︽ | ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠸᠠᠩ ᠫᠧᠩ ᠹᠸᠢ᠂ ᠯᠢᠶᠠᠩ ᠮᠢᠩ ᠽᠧ᠂ ᠶᠠᠩ ᠯᠢ ᠬᠦᠩ᠂ ᠰᠢᠤᠢ ᠹᠸᠢ | ᠶᠠᠨ᠂ ᠯᠢ ᠰᠢᠶᠠᠨ ᠹᠦ᠋ ᠬᠤᠷᠠᠯ ᠳᠤ ᠣᠷᠣᠯᠴᠠᠪᠠ᠃ |