ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/3/14
      3 ᠰᠠᠷ᠎ᠠ ᠶᠢᠨ 13 ᠤ ᠦᠳᠡ ᠶᠢᠨ ᠡᠮᠦᠨ᠎ᠡ᠂ 2023 ᠣᠨ ᠤ ᠳᠤᠮᠳᠠᠳᠤ ᠤᠯᠤᠰ ᠤᠨ ᠤᠮᠠᠷᠠᠲᠤ ᠶᠢᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠵᠢᠴᠢ ᠥᠪᠥᠷ ᠮᠣᠩᠭᠤᠯ ᠤᠨ ᠵᠡᠭᠦᠨ ᠬᠡᠰᠡᠭ ᠤᠨ ᠲᠠᠷᠢᠶᠠᠯᠠᠩ ᠤᠨ ᠮᠠᠰᠢᠨ ᠤ ᠬᠠᠪᠤᠷ ᠤᠨ ᠤᠯᠠᠷᠢᠯ ᠤᠨ ᠦᠵᠡᠰᠬᠦᠯᠡᠩ ᠤᠨ ᠴᠤᠭᠯᠠᠭᠠᠨ ᠰᠦᠩᠱᠠᠨ ᠲᠣᠭᠤᠷᠢᠭ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠲᠤ ᠡᠬᠢᠯᠡᠯᠲᠡ ᠶᠢᠨ ᠶᠤᠰᠤᠯᠠᠯ ᠢᠶᠠᠨ ᠨᠡᠭᠡᠭᠡᠪᠡ᠃  ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠳᠡᠳ᠋ ᠳᠠᠷᠤᠭ᠎ᠠ ᠪᠠᠶ ᠵᠢᠤᠢ ᠼᠠᠢ᠂ ᠲᠠᠷᠢᠶᠠᠯᠠᠩ ᠠᠲᠠᠷ ᠬᠠᠭᠠᠯᠪᠤᠷᠢᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠡᠤ ᠵᠢᠶᠠᠩ ᠲᠤᠤ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠫᠧᠩ ᠹᠸᠢ ᠵᠡᠷᠭᠡ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠪᠠᠶ ᠵᠢᠤᠢ ᠼᠠᠢ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃ ᠲᠡᠷᠡ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ ᠭᠠᠵᠠᠷ ᠰᠢᠷᠣᠶ ᠶᠢᠨ ᠬᠡᠪᠴᠢᠶ᠎ᠡ ᠶᠡᠭᠡ᠂ ᠬᠥᠮᠦᠨ ᠳᠤᠮᠳᠠᠴᠢ ᠶᠢᠨ ᠲᠠᠷᠢᠶᠠᠨ ᠭᠠᠵᠠᠷ ᠣᠯᠠᠨ ᠪᠥᠭᠡᠳ ᠶᠡᠬᠡᠩᠬᠢ ᠨᠢ ᠲᠥᠪᠯᠡᠷᠡᠨ ᠵᠠᠯᠭᠠᠯᠳᠤᠭᠰᠠᠨ ᠪᠣᠯᠬᠤᠷ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠨᠡᠯᠢᠶᠡᠳ ᠰᠠᠶᠢᠨ ᠨᠥᠬᠦᠴᠡᠯ ᠲᠠᠢ ᠪᠥᠭᠡᠳ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢ ᠬᠥᠭᠵᠢᠭᠦᠯᠬᠦ ᠳᠠᠪᠠᠭᠤᠯᠢᠭ ᠲᠠᠢ ᠪᠠᠶᠢᠵᠤ᠂ ᠲᠣᠮᠣ ᠬᠡᠯᠪᠡᠷᠢ ᠶᠢᠨ ᠥᠨᠳᠥᠷ ᠪᠦᠲᠦᠮᠵᠢᠲᠡᠶ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠢᠴᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠠᠬᠢ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠷᠭᠡᠵᠢᠯ ᠤᠨ ᠬᠥᠲᠥᠯᠥᠨ ᠳᠠᠭᠠᠭᠤᠯᠬᠤ ᠪᠠ ᠳᠥᠯᠭᠢᠨ ᠠᠬᠢᠭᠤᠯᠬᠤ ᠦᠢᠯᠡᠳᠦᠯ ᠢ ᠪᠠᠳᠠᠷᠠᠭᠤᠯᠬᠤ ᠳᠤ ᠠᠰᠢᠭᠲᠠᠶ ᠶᠤᠮ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ 2035 ᠣᠨ ᠤ ᠬᠥᠭᠵᠢᠯᠲᠡ ᠶᠢᠨ ᠬᠠᠷᠠᠯᠲᠠ ᠲᠠᠢ ᠤᠶᠠᠯᠳᠤᠭᠤᠯᠤᠨ᠂ ᠲᠣᠰ ᠤᠳᠠᠭᠠᠨ ᠤ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠳᠤ ᠦᠷ᠎ᠡ ᠪᠦᠲᠦᠭᠡᠯ ᠤᠨ ᠦᠵᠡᠭᠦᠯᠦᠯᠭᠡ᠂ ᠠᠷᠠᠯᠵᠢᠶ᠎ᠠ ᠪᠠ ᠰᠣᠯᠢᠯᠴᠠᠭᠠᠨ ᠤ ᠲᠠᠪᠴᠠᠩ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠨᠠᠩ ᠣᠯᠠᠨ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠴᠡᠴᠡᠭᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠸᠠᠩ ᠫᠧᠩ ᠹᠸᠢ ᠡᠬᠢᠯᠡᠯᠲᠡ ᠶᠢᠨ ᠶᠣᠰᠣᠯᠠᠯ ᠳᠡᠭᠡᠷ᠎ᠡ ᠢᠯᠡᠷᠬᠡᠶᠢᠯᠡᠭᠰᠡᠨ ᠨᠢ᠂ ᠰᠦᠩᠱᠠᠨ ᠲᠣᠭᠤᠷᠢᠭ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠲᠠᠢ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠵᠦ᠂ ᠡᠮᠬᠢ ᠵᠢᠷᠤᠮ ᠲᠠᠢ ᠠᠬᠢᠭᠤᠯᠤᠨ᠎ᠠ᠃ ᠲᠥᠪᠯᠡᠷᠡᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠰᠠᠭᠤᠷᠢ ᠪᠠ ᠣᠷᠣᠨ ᠵᠠᠶ ᠶᠢᠨ ᠪᠠᠶᠢᠷᠢᠰᠢᠭᠤᠯᠤᠯᠲᠠ ᠳᠤ ᠲᠦᠰᠢᠭᠯᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠢᠯ ᠲᠥᠷᠥᠯ ᠤᠨ ︽ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾ ᠶᠢᠨ ᠲᠠᠪᠴᠠᠩ ᠢ ᠪᠣᠶ ᠪᠣᠯᠭᠠᠵᠤ᠂ ᠦᠢᠯᠡᠳᠪᠦᠷᠢᠯᠡᠬᠦ ᠪᠠ ᠪᠣᠷᠣᠯᠠᠭᠤᠯᠬᠤ ᠶᠢ ᠨᠡᠪᠲᠡᠷᠡᠭᠦᠯᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠢᠯ ᠲᠥᠷᠥᠯ ᠤᠨ ᠬᠡᠯᠬᠢᠶᠡᠰᠦ ᠶᠢ ᠤᠷᠲᠤᠳᠬᠠᠬᠤ᠂ ᠬᠡᠯᠬᠢᠶᠡᠰᠦ ᠶᠢ ᠨᠥᠬᠦᠪᠥᠷᠢᠯᠡᠬᠦ᠂ ᠬᠡᠯᠬᠢᠶᠡᠰᠦ ᠶᠢ ᠰᠢᠯᠢᠳᠡᠭᠵᠢᠭᠦᠯᠬᠦ ᠶᠢ ᠠᠬᠢᠭᠤᠯᠵᠤ᠂ ᠦᠷ᠎ᠡ ᠰᠤᠳᠤᠯᠤᠨ ᠨᠡᠭᠡᠭᠡᠬᠦ᠂ ᠲᠠᠷᠢᠶᠠᠯᠠᠩ ᠤᠨ ᠮᠠᠰᠢᠨ ᠤ ᠰᠡᠯᠪᠢᠭ ᠲᠣᠨᠤᠭ ᠦᠢᠯᠡᠳᠪᠦᠷᠢᠯᠡᠬᠦ᠂ ᠲᠠᠷᠢᠶᠠᠯᠠᠩ ᠤᠨ ᠮᠠᠰᠢᠨ ᠢ ᠤᠭᠰᠠᠷᠠᠬᠤ ᠵᠡᠷᠭᠡ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠥᠬᠦ ᠠᠵᠤ ᠦᠢᠯᠡᠰ ᠤᠨ ᠬᠡᠯᠬᠢᠶᠡᠰᠦ ᠶᠢᠨ ᠰᠢᠰᠲ᠋ᠧᠮᠵᠢ ᠶᠢ ᠪᠣᠶ ᠪᠣᠯᠭᠠᠨ᠎ᠠ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠢᠯ ᠲᠥᠷᠥᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠡᠭᠦᠳᠦᠨ ᠥᠭᠴᠦ᠂ ᠠᠵᠤ ᠦᠢᠯᠡᠰ ᠤᠨ ᠬᠥᠭᠵᠢᠯᠲᠡ ᠳᠤ ᠲᠥᠬᠦᠮ ᠨᠥᠬᠦᠴᠡᠯ ᠪᠦᠷᠢᠯᠳᠦᠭᠦᠯᠵᠦ ᠥᠭᠬᠦ ᠶᠢᠨ ᠬᠠᠮᠲᠤ ᠦᠵᠡᠭᠦᠯᠦᠯᠭᠡ ᠳᠤ ᠣᠷᠣᠯᠴᠠᠭᠰᠠᠨ ᠨᠢᠭᠡᠴᠡ ᠪᠣᠯᠤᠨ ᠵᠣᠴᠢᠳ ᠦᠵᠡᠭᠦᠯᠦᠯᠭᠡ ᠪᠠᠷ ᠳᠠᠮᠵᠢᠭᠤᠯᠤᠨ ᠰᠣᠯᠢᠯᠴᠠᠭ᠎ᠠ ᠪᠠᠨ ᠴᠢᠩᠭᠠᠳᠬᠠᠨ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠰᠦᠩᠱᠠᠨ ᠲᠣᠭᠤᠷᠢᠭ ᠤᠨ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠪᠴᠢᠯᠡᠨ ᠠᠬᠢᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃      2023 ᠣᠨ ᠤ ᠳᠤᠮᠳᠠᠳᠤ ᠤᠯᠤᠰ ᠤᠨ ᠤᠮᠠᠷᠠᠲᠤ ᠶᠢᠨ ᠲᠠᠷᠢᠶᠠᠯᠠᠩ ᠤᠨ ᠦᠵᠡᠰᠬᠦᠯᠡᠩ ᠤᠨ ᠴᠤᠭᠯᠠᠭᠠᠨ ᠵᠢᠴᠢ ᠥᠪᠥᠷ ᠮᠣᠩᠭᠤᠯ ᠤᠨ ᠵᠡᠭᠦᠨ ᠬᠡᠰᠡᠭ ᠤᠨ ᠲᠠᠷᠢᠶᠠᠯᠠᠩ ᠤᠨ ᠮᠠᠰᠢᠨ ᠤ ᠬᠠᠪᠤᠷ ᠤᠨ ᠤᠯᠠᠷᠢᠯ ᠤᠨ ᠦᠵᠡᠰᠬᠦᠯᠡᠩ ᠤᠨ ᠴᠤᠭᠯᠠᠭᠠᠨ ᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠠᠵᠤ ᠦᠢᠯᠡᠳᠪᠦᠷᠢ ᠶᠢᠨ ᠨᠡᠶᠢᠭᠡᠮᠯᠢᠭ᠂ ᠰᠦᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠰᠦᠩᠱᠠᠨ ᠲᠣᠭᠤᠷᠢᠭ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠤᠲᠠ ᠶᠢᠨ ᠲᠠᠷᠢᠶᠠᠯᠠᠩ ᠤᠨ ᠮᠠᠰᠢᠨ ᠤ ᠠᠵᠢᠯ ᠲᠥᠷᠥᠯ ᠤᠨ ᠨᠡᠶᠢᠭᠡᠮᠯᠢᠭ᠂ ᠤᠯᠠᠭᠠᠨᠬᠠᠳᠠ ᠶᠢᠨ ᠯᠦ ᠭᠠᠩ ᠤᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠲᠤᠷᠠᠨ ᠡᠷᠬᠢᠯᠡᠪᠡ᠃ ᠦᠵᠡᠰᠬᠦᠯᠡᠩ ᠤᠨ ᠴᠤᠭᠯᠠᠭᠠᠨ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠲᠠᠷᠢᠶᠠᠯᠠᠩ ᠤᠨ ᠮᠠᠰᠢᠨ ᠳᠤ ᠬᠤᠯᠪᠣᠭᠳᠠᠬᠤ ᠠᠵᠤ ᠠᠬᠤᠶᠢᠯᠠᠯ ᠤᠨ ᠥᠪᠥᠷ ᠮᠣᠩᠭᠤᠯ ᠳᠤ ᠦᠢᠯᠡᠴᠢᠯᠡᠬᠦ ᠶᠢ ᠢᠳᠡᠪᠬᠢᠲᠡᠢ ᠬᠦᠳᠦᠯᠦᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠵᠢᠴᠢ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠬᠤ ᠳᠤ ᠬᠦᠴᠦᠨ ᠢᠶᠠᠨ ᠡᠷᠭᠦᠨ᠎ᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号