3 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠪᠥᠬᠦ ᠤᠯᠤᠰ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠬᠤᠲᠠ ᠪᠠᠶᠢᠭᠤᠯᠬᠤ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠳᠠᠶᠢᠴᠢᠯᠠᠯᠲᠠ᠂ ᠳᠠᠬᠢᠨ ᠪᠠᠶᠢᠷᠢᠯᠠᠭᠤᠯᠤᠯᠲᠠ | ᠬᠢᠪᠠ᠃ | ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠹᠦ᠋ ᠴᠢᠶᠠᠩ ᠬᠤᠷᠠᠯ ᠡᠷᠭᠢᠯᠡᠪᠡ᠃ ᠲᠡᠷᠡ ᠵᠢᠭᠠᠵᠤ ᠭᠠᠷᠭᠠᠭᠰᠠᠨ ᠨᠢ᠂ ᠪᠥᠬᠦ ᠤᠯᠤᠰ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠯ ᠬᠤᠲᠠ ᠶᠢᠨ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠪᠦᠲᠦᠮᠵᠢᠲᠡᠶ ᠠᠴᠢᠶᠠᠯᠠᠪᠤᠷᠢ ᠮᠥᠨ᠂ ᠬᠤᠲᠠ ᠶᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠭᠠᠷᠳᠠᠴᠠ | ᠮᠥᠨ ᠪᠥᠭᠡᠳ ᠨᠠᠩ ᠴᠤ ᠬᠤᠲᠠ ᠶᠢᠨ ᠳᠦᠷᠢ ᠲᠥᠷᠬᠦ ᠶᠢ ᠰᠠᠶᠢᠵᠢᠷᠠᠭᠤᠯᠬᠤ᠂ ᠬᠤᠲᠠ ᠶᠢᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠬᠦ ᠪᠣᠳᠠᠲᠠᠶ ᠠᠷᠭ᠎ᠠ ᠵᠠᠮ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ | ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠦᠯᠢᠶᠡᠵᠦ ᠪᠣᠯᠬᠤ ᠥᠬᠡᠶ᠂ | ᠤᠳᠠᠭᠠᠰᠢᠷᠠᠭᠤᠯᠵᠤ ᠪᠣᠯᠬᠤ ᠥᠬᠡᠶ᠂ ᠢᠯᠠᠭᠳᠠᠵᠤ ᠪᠣᠯᠬᠤ ᠥᠬᠡᠶ︾ ᠠᠵᠢᠯ ᠤᠨ ᠰᠤᠷᠲᠠᠯ ᠪᠠ ︽ᠴᠠᠭ ᠢᠮᠠᠭᠲᠠ | ᠰᠡᠳᠬᠢᠯ ᠲᠠᠯᠪᠢᠬᠤ︾ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠭᠤᠤᠯᠳᠠᠯᠭ᠎ᠠ ᠶᠢ ᠳᠣᠪᠤᠶᠢᠯᠭᠠᠨ | ᠂ ᠬᠠᠷᠠᠯᠲᠠ ᠶᠢᠨ ᠴᠢᠭᠯᠡᠯ ᠢᠶᠠᠷ ᠬᠦᠴᠦᠯᠡᠨ ᠴᠢᠷᠮᠠᠶᠢᠵᠤ᠂ ᠪᠠᠷᠢᠮᠵᠢᠶ᠎ᠠ ᠶᠢ ᠬᠠᠷᠭᠤᠭᠤᠯᠵᠤ᠂ ᠬᠦᠴᠦᠷᠬᠡᠭ ᠢ | ᠪᠠᠬᠢᠵᠢᠭᠦᠯᠵᠦ ᠪᠠᠭᠤᠷᠠᠶ ᠶᠢ ᠨᠥᠬᠦᠪᠥᠷᠢᠯᠡᠵᠦ᠂ ᠡᠭᠦᠳᠦᠨ ᠪᠠᠶᠢᠭᠤᠯᠬᠤ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ | ᠦᠷ᠎ᠡ ᠪᠦᠳᠦᠮᠵᠢᠳᠤ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠶ᠃ | ᠹᠦ᠋ ᠴᠢᠶᠠᠩ ᠱᠠᠭᠠᠷᠳᠠᠭᠰᠠᠨ ᠨᠢ᠂ ᠠᠵᠢᠯ ᠤᠨ ᠭᠤᠤᠯᠳᠠᠯᠭ᠎ᠠ ᠪᠠᠨ ᠣᠨᠣᠪᠴᠢᠲᠠᠶ ᠡᠷᠢᠵᠦ᠂ ᠣᠯᠠᠨ | ᠨᠡᠶᠢᠲᠡ ᠶᠢᠨ ᠡᠮᠬᠢ ᠵᠢᠷᠤᠮ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠲᠣᠪᠤᠶᠢᠮ᠎ᠠ | ᠠᠰᠠᠭᠤᠳᠠᠯ ᠤᠨ ᠲᠣᠭᠤᠷᠢᠨ ᠳᠤ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠵᠦ᠂ ᠬᠠᠮᠢᠶᠠᠷᠤᠯᠲᠠ ᠪᠠᠨ ᠪᠥᠬᠦ | ᠲᠠᠯ᠎ᠠ ᠪᠠᠷ ᠴᠢᠩᠭᠠᠳᠬᠠᠨ᠂ ᠭᠤᠤᠯᠳᠠᠯᠭ᠎ᠠ ᠲᠠᠢ ᠰᠢᠪᠲᠤᠯᠤᠯᠲᠠ ᠪᠠᠷ ᠬᠤᠲᠠ ᠪᠠᠶᠢᠭᠤᠯᠬᠤ ᠠᠵᠢᠯ ᠤᠨ ᠪᠦᠬᠦᠯᠢ | ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠶ᠃ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ | ᠂ ᠳᠠᠭᠠᠭᠠᠴᠢᠯᠠᠯᠲᠠ ᠶᠢᠨ ᠡᠭᠡ ᠲᠠᠩᠰᠠ ᠶᠢ ᠲᠦᠷᠭᠡᠨ ᠲᠡᠭᠦᠯᠳᠡᠷᠵᠢᠭᠦᠯᠵᠦ᠂ ᠳᠠᠭᠠᠭᠠᠴᠢᠯᠠᠯᠲᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠳᠠᠭᠠᠭᠠᠴᠢᠯᠠᠯᠲᠠ ᠶᠢᠨ ᠬᠡᠪᠴᠢᠶ᠎ᠡ ᠶᠢ ᠲᠣᠳᠣᠷᠬᠠᠶᠢᠯᠠᠬᠤ᠂ | ᠳᠠᠭᠠᠭᠠᠴᠢᠯᠠᠯᠲᠠ ᠶᠢᠨ ᠡᠭᠦᠷᠭᠡ ᠶᠢ ᠲᠣᠳᠣᠷᠬᠠᠶᠢᠯᠠᠬᠤ ᠶᠢ ᠪᠡᠶᠡᠯᠡᠭᠦᠯᠵᠦ᠂ ︽ᠬᠥᠮᠦᠨ ᠢ ᠲᠣᠭᠲᠠᠭᠠᠬᠤ᠂ ᠣᠷᠣᠨ | ᠪᠦᠰᠡ ᠶᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ︾ ᠶᠢ ᠪᠡᠶᠡᠯᠡᠭᠦᠯᠬᠦ ᠬᠡᠷᠡᠭᠲᠡᠢ᠃ ᠬᠠᠮᠲᠤᠷᠠᠨ ᠬᠠᠤᠯᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠲᠣᠪᠦ᠋ᠮ᠎ᠠ ᠠᠰᠠᠭᠤᠳᠠᠯ ᠢ ᠵᠠᠰᠠᠵᠤ | ᠴᠡᠭᠴᠡᠯᠡᠬᠦ ᠠᠵᠢᠯ ᠢ ᠴᠢᠩᠭᠠᠳᠬᠠᠵᠤ᠂ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ | ᠃ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠲᠦᠮᠡᠨ ᠤ ᠡᠭᠦᠳᠦᠨ | ᠪᠠᠶᠢᠭᠤᠯᠬᠤ ᠳᠤ ᠣᠷᠣᠯᠴᠠᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠤᠯᠠᠨ ᠲᠦᠮᠡᠨ ᠤ ᠣᠶᠢᠯᠠᠭᠠᠬᠤ | ᠨᠤᠷᠮ᠎ᠠ ᠪᠠ ᠳᠡᠮᠵᠢᠬᠦ ᠨᠤᠷᠮ᠎ᠠ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠪᠠᠭᠤᠷᠠᠢ ᠭᠤᠭᠴᠤᠭ᠎ᠠ ᠪᠣᠯᠤᠨ ᠠᠰᠠᠭᠤᠳᠠᠯ ᠤᠨ ᠳᠤᠲᠠᠭᠤᠳᠠᠯ ᠳᠤ ᠴᠢᠭᠯᠡᠭᠦᠯᠦᠨ | ᠬᠦᠴᠦ ᠪᠠᠨ ᠲᠥᠪᠯᠡᠷᠡᠭᠦᠯᠦᠨ ᠬᠦᠴᠦᠯᠡᠵᠦ᠂ ᠴᠠᠭ ᠲᠤᠬᠠᠢ ᠳᠤᠨᠢ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ | ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ | ᠲᠠᠯ᠎ᠠ ᠪᠠᠷ ᠨᠠᠷᠢᠨ ᠨᠢᠮᠪᠠᠢ ᠪᠡᠶᠡᠯᠡᠭᠦᠯᠬᠦ ᠬᠡᠷᠡᠭᠲᠡᠢ᠃ ᠴᠢᠩᠭ᠎ᠠ ᠱᠠᠯᠠᠪᠳᠠᠭᠤᠯᠤᠨ ᠪᠠᠶᠢᠴᠠᠭᠠᠵᠤ᠂ ᠲᠤᠬᠠᠢ ᠶᠢᠨ | ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠦᠴᠢᠷᠳᠡᠯ ᠤᠯᠠᠨ᠂ ᠡᠭᠦᠷᠭᠡ ᠬᠦᠨᠳᠦ ᠪᠠᠶᠢᠭ᠎ᠠ | ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠴᠡᠭᠴᠡᠯᠡᠨ | ᠰᠠᠶᠢᠵᠢᠷᠠᠭᠤᠯᠵᠤ᠂ ᠪᠦᠬᠦ ᠲᠠᠯ᠎ᠠ ᠪᠠᠷ ᠪᠠᠷᠢᠮᠵᠢᠶ᠎ᠠ ᠳᠤ ᠲᠤᠯᠭᠠᠵᠤ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠬᠤ ᠬᠡᠷᠡᠭᠲᠡᠢ᠃ | | ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠰᠥᠩ ᠳ᠋ᠡ ᠹᠦ᠋ ᠲᠣᠰ ᠤᠳᠠᠭᠠᠨ ᠤ ᠭᠤᠷᠪᠠᠳᠠᠬᠢ ᠡᠲᠡᠭᠡᠳ ᠤᠨ ᠳᠠᠭᠤᠷᠢᠶᠠᠮᠠᠯ ᠰᠢᠯᠭᠠᠨ | ᠦᠨᠡᠯᠡᠯᠲᠡ ᠶᠢᠨ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ | ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ |