ᠰᠦᠩᠱᠠᠨ ᠲᠣᠭᠤᠷᠢᠭ 2023 ᠣᠨ ᠤ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2023/3/14
     ᠤᠢᠢᠷ᠎ᠠ ᠳᠤ᠂ ᠰᠦᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ  ᠲᠤᠪᠴᠢᠶ᠎ᠠ ᠠᠴᠠ ᠭᠤᠣᠯᠯᠠᠨ ᠡᠷᠬᠢᠯᠡᠭᠰᠡᠨ ᠰᠦᠩᠱᠠᠨ ᠲᠣᠭᠤᠷᠢᠭ ᠤᠨ 2023 ᠣᠨ ᠤ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠥᠨᠳᠥᠷᠯᠡᠪᠡ᠃      ᠲᠤᠰ ᠤᠳᠠᠭᠠᠨ ᠤ ᠤᠷᠤᠯᠳᠤᠭᠠᠨ ᠳᠤ ᠨᠡᠷ᠎ᠡ ᠮᠡᠳᠡᠭᠦᠯᠬᠦ᠂ ᠠᠩᠬᠠᠨ ᠤ ᠰᠣᠩᠭᠤᠯᠲᠠ ᠬᠢᠬᠦ᠂ ᠵᠠᠮ ᠤᠨ ᠰᠣᠷᠢᠯᠲᠠ ᠶᠢᠨ ᠨᠣᠮ ᠬᠠᠶᠠᠯᠴᠠᠬᠤ ᠵᠡᠷᠭᠡ ᠭᠤᠭᠴᠤᠭ᠎ᠠ ᠪᠠᠷ ᠳᠡᠮᠵᠢᠨ᠂ 11 ᠤᠷᠤᠯᠳᠤᠭᠠᠨ ᠳᠤ ᠣᠷᠣᠯᠴᠠᠬᠤ ᠠᠩᠭᠢ ᠶᠢ ᠰᠣᠩᠭᠤᠵᠤ ᠰᠢᠢᠳᠪᠦᠷᠢᠲᠦ ᠤᠷᠤᠯᠳᠤᠭᠠᠨ ᠳᠤ ᠣᠷᠣᠭᠤᠯᠵᠠᠶ᠃ ᠤᠷᠤᠯᠳᠤᠭᠠᠨ ᠳᠤ ᠣᠷᠣᠯᠴᠠᠬᠤ ᠠᠩᠬᠢ ᠨᠢ ᠭᠤᠣᠯᠳᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠭᠡ ᠠᠵᠤ ᠠᠬᠤᠢ᠂ ᠰᠢᠨ᠎ᠡ ᠡᠨᠧᠷᠭᠢ᠂ ᠡᠮ ᠡᠮᠨᠡᠯᠭᠡ ᠡᠷᠡᠭᠦᠯ ᠮᠡᠨᠳᠦ᠂ ᠵᠣᠬᠢᠶᠠᠮᠠᠯ  ᠤᠶᠤᠨᠴᠢ ᠴᠢᠳᠠᠪᠤᠷᠢ᠂ ᠰᠣᠶᠣᠯ ᠵᠤᠭᠠᠴᠠᠯ ᠵᠡᠷᠭᠡ ᠠᠵᠢᠯ ᠲᠦᠷᠦᠯ ᠠᠴᠠ ᠢᠷᠡᠪᠡ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠬᠥᠮᠥᠷᠭᠡᠯᠡᠨ ᠬᠠᠳᠠᠭᠠᠯᠠᠬᠤ ᠣᠶᠤᠨᠴᠢ ᠬᠠᠮᠢᠶᠠᠷᠤᠯᠲᠠ ᠶᠢᠨ ᠰᠢᠰᠲ᠋ᠧᠮ ᠤᠨ ᠲᠥᠷᠥᠯ  ᠵᠦᠢᠯ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠪᠥᠬᠦ ᠠᠷᠠᠳ ᠤᠨ ᠺᠠᠷᠲ᠋ᠣᠨ ᠵᠢᠷᠤᠭ ᠤᠨ IP ᠶᠢ ᠪᠣᠶ ᠪᠤᠯᠭᠠᠬᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠨᠡᠭᠦᠳᠡᠯ ᠮᠣᠩᠭᠤᠯ ᠬᠡᠷ ᠤᠨ ᠲᠥᠷᠥᠯ ᠵᠦᠢᠯ ᠲᠣᠰ ᠲᠣᠰ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠠᠮᠢᠶᠠᠷᠤᠯᠲᠠ ᠬᠢᠭᠡᠳ ᠪᠠᠴᠢᠮ ᠪᠠᠶᠢᠳᠠᠯ ᠢ ᠠᠷᠭᠠᠴᠠᠬᠤ ᠲᠥᠪ ᠤᠨ ᠵᠢᠯᠣᠭᠤᠳᠬᠤ ᠰᠢᠰᠲ᠋ᠧᠮ ᠵᠡᠷᠭᠡ 3 ᠲᠥᠷᠥᠯ ᠵᠦᠢᠯ ᠲᠣᠰ ᠲᠣᠰ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠲᠦᠷᠦᠭᠦᠦ ᠵᠢᠷᠭᠤᠭᠠᠨ ᠨᠡᠷᠡᠰ ᠲᠤ ᠲᠤᠳᠤᠷᠠᠭᠰᠠᠨ ᠲᠦᠷᠦᠯ ᠵᠦᠢᠯ ᠨᠢ ᠡᠨᠡ ᠵᠢᠯ ᠤᠨ ᠤᠯᠠᠭᠠᠨᠬᠠᠳᠠ ᠬᠤᠲᠠ ᠶᠢᠨ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠤ ᠬᠤᠶᠠᠳᠠᠬᠢ ᠤᠷᠤᠯᠳᠤᠭᠠᠨ ᠳᠤ ᠣᠷᠣᠯᠴᠠᠬᠤ ᠪᠠᠷ ᠪᠤᠢ᠃      ᠲᠣᠰ ᠤᠳᠠᠭᠠᠨ ᠤ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠨᠢ ᠬᠠᠷᠢᠯᠴᠠᠨ ᠰᠤᠯᠢᠯᠴᠠᠬᠤ ᠲᠠᠪᠴᠠᠩ ᠢ ᠪᠠᠶᠢᠭᠤᠯᠵᠤ᠂ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠡᠯ᠎ᠡ ᠡᠲᠡᠭᠡᠳ ᠤᠨ ᠴᠢᠳᠠᠪᠤᠷᠢᠲᠠᠨ ᠤ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠶᠡᠭᠡ ᠤᠷᠤᠰᠬᠠᠯ ᠳᠤ ᠢᠳᠡᠪᠬᠢᠲᠡᠶ ᠣᠷᠣᠯᠴᠠᠬᠤ ᠶᠢ ᠬᠠᠪᠰᠤᠷᠤᠨ ᠬᠥᠲᠥᠯᠦᠨ ᠵᠢᠯᠣᠭᠤᠳᠴᠤ᠂ ︽ᠦᠢᠯᠡᠰ ᠴᠤᠭᠴᠠᠯᠠᠵᠤ ᠰᠢᠨ᠎ᠡ ᠶᠢ ᠡᠭᠦᠳᠬᠦ︾ ᠶᠢ ᠵᠣᠷᠢᠭᠵᠢᠭᠤᠯᠤᠨ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      ᠣᠶᠢᠷ᠎ᠠ ᠶᠢᠨ ᠵᠢᠯ ᠤᠨ ᠲᠤᠷᠰᠢ᠂ ᠰᠦᠩᠱᠠᠨ ᠲᠣᠭᠤᠷᠢᠭ ᠪᠦᠬᠦ ᠲᠤᠭᠤᠷᠢᠭ ᠤᠨ ᠠᠵᠢᠯ ᠣᠯᠵᠤ ᠦᠢᠯᠡᠰ ᠴᠣᠭᠴᠠᠯᠠᠬᠤ ᠪᠣᠳᠠᠲᠤ ᠬᠡᠷᠡᠭᠴᠡᠭᠡ ᠶᠢ ᠪᠠᠲᠤ ᠡᠵᠡᠮᠰᠢᠵᠦ᠂ ᠲᠥᠷᠥᠯ ᠵᠦᠢᠯ ᠢᠶᠠᠷ ᠳᠠᠶᠢᠴᠢᠯᠠᠬᠤ᠂ ᠨᠡᠷᠡᠲᠦ ᠲᠡᠮᠳᠡᠭ ᠢᠶᠠᠷ ᠳᠠᠶᠢᠴᠢᠯᠠᠬᠤ᠂ ᠰᠢᠨ᠎ᠡ ᠶᠢ ᠡᠭᠦᠳᠬᠦ ᠪᠠᠷ ᠳᠠᠶᠢᠴᠢᠯᠠᠬᠤ ᠪᠠ ᠦᠢᠯᠡᠴᠢᠯᠡᠭᠡ ᠪᠠᠷ ᠳᠠᠶᠢᠴᠢᠯᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ ᠪᠠ ᠦᠢᠯᠡᠰ ᠴᠣᠭᠴᠠᠯᠠᠬᠤ ᠬᠦᠷᠢᠶᠡᠯᠡᠩ ᠪᠠᠶᠢᠭᠤᠯᠬᠤ᠂ ᠦᠢᠯᠡᠰ ᠴᠣᠭᠴᠠᠯᠠᠬᠤ ᠤᠷᠤᠯᠳᠤᠭᠠᠨ ᠢ ᠡᠷᠭᠢᠯᠡᠬᠦ᠂ ᠦᠢᠯᠡᠰ ᠴᠣᠭᠴᠠᠯᠠᠬᠤ  ᠦᠢᠯᠡᠴᠢᠯᠡᠭᠡ ᠪᠠ ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠠᠵᠢᠯ ᠣᠯᠵᠤ ᠦᠢᠯᠡᠰ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠠᠵᠢᠯ ᠣᠯᠵᠤ ᠦᠢᠯᠡᠰ ᠴᠣᠭᠴᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠬᠦᠰᠡᠯ ᠵᠡᠭᠦᠳᠦ ᠪᠠᠨ ᠡᠪᠦᠷᠯᠡᠭᠰᠡᠨ᠂ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠪᠠᠷ ᠪᠢᠯᠬᠠᠮ᠎ᠠ ᠵᠠᠯᠠᠭᠤ ᠴᠢᠳᠠᠪᠤᠷᠢᠲᠠᠨ ᠳᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠠᠪᠴᠠᠩ ᠪᠠᠶᠢᠭᠤᠯᠵᠤ ᠥᠭᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号