3 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠠᠵᠢᠯᠴᠢᠨ ᠤ | ᠶᠡᠷᠦᠩᠬᠡᠶ ᠡᠪᠯᠡᠯ ᠤᠨ ᠵᠢᠷᠭᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠬᠤᠷᠠᠯᠳᠤᠪᠠ᠃ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠦᠨ ᠵᠧᠨ ᠬᠠᠢ ᠰᠦᠩᠱᠠᠨ ᠲᠣᠭᠤᠷᠢᠭ ᠤᠨ | ᠠᠵᠢᠯᠴᠢᠨ ᠤ ᠶᠡᠷᠦᠩᠬᠡᠢ ᠡᠪᠯᠡᠯ ᠤᠨ ᠵᠢᠷᠭᠤᠳᠤᠭᠠᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ | ᠬᠤᠷᠢᠶᠠᠨ ᠤ ᠡᠮᠦᠨ᠎ᠡ ᠠᠴᠠ ︽ᠰᠢᠨ᠎ᠡ ᠴᠠᠭ ᠦᠶ᠎ᠡ ᠰᠢᠨ᠎ᠡ ᠠᠶᠠᠨ ᠳᠤ ᠰᠦᠩᠱᠠᠨ ᠲᠣᠭᠤᠷᠢᠭ ᠤᠨ ᠠᠵᠢᠯᠴᠢᠨ ᠤ | ᠶᠡᠷᠦᠩᠬᠡᠢ ᠡᠪᠯᠡᠯ ᠤᠨ ᠠᠵᠢᠯ ᠤᠨ ᠰᠢᠨ᠎ᠡ ᠳᠠᠪᠠᠯᠲᠠ ᠶᠢ ᠴᠢᠷᠮᠠᠶᠢᠨ ᠪᠡᠶᠡᠯᠡᠭᠦᠯᠦᠶ᠎ᠡ︾ ᠭᠡᠬᠦ ᠰᠡᠳᠦᠪ ᠢᠶᠠᠷ ᠠᠵᠢᠯ ᠤᠨ | ᠮᠡᠳᠡᠭᠦᠯᠦᠯᠲᠡ ᠬᠢᠪᠡ᠃ 2022 ᠣᠨ ᠳᠤ᠂ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ | ᠬᠦᠴᠦᠨ ᠢᠶᠠᠨ ᠲᠥᠪᠯᠡᠷᠡᠭᠦᠯᠦᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠵᠡᠯ ᠰᠠᠨᠠᠭ᠎ᠠ ᠤᠯᠤᠰ | ᠲᠦᠷᠦ ᠶᠢᠨ ᠵᠢᠯᠤᠭᠤᠳᠤᠯᠭ᠎ᠠ ᠶᠢ ᠬᠦᠴᠦᠯᠡᠨ ᠴᠢᠩᠭᠠᠳᠬᠠᠵᠤ᠂ ︽ᠳᠤᠮᠳᠠᠳᠤ ᠶᠢᠨ ᠵᠡᠭᠦᠳᠦ · ᠬᠥᠳᠡᠯᠮᠦᠷᠢ ᠶᠢᠨ | ᠭᠤᠸ᠎ᠠ ᠰᠠᠶᠢᠬᠠᠨ︾ ᠵᠡᠷᠭᠡ ᠭᠤᠣᠯ ᠰᠡᠳᠦᠪᠲᠦ ᠤᠬᠠᠭᠤᠯᠭ᠎ᠠ ᠬᠥᠮᠦᠵᠢᠯ ᠵᠢᠴᠢ ᠪᠦᠬᠦ ᠲᠣᠭᠤᠷᠢᠭ ᠤᠨ ᠠᠵᠢᠯᠳᠠᠨ | ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠠᠵᠢᠯᠯᠠᠭ᠎ᠠ ᠶᠢ ᠭᠦᠨᠵᠡᠭᠡᠢ ᠦᠷᠨᠢᠭᠦᠯᠪᠡ᠃ ᠬᠦᠴᠦᠨ ᠢᠶᠠᠨ | ᠲᠥᠪᠯᠡᠷᠡᠭᠦᠯᠦᠨ ᠶᠡᠭᠡ ᠲᠠᠯ᠎ᠠ ᠳᠤ ᠦᠢᠯᠡᠴᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠯᠡᠨ | ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠰ ᠤᠨ ᠲᠠᠪᠤᠨ ᠰᠠᠷ᠎ᠠ ᠶᠢᠨ ᠨᠢᠭᠡᠨ ᠤ | ᠬᠥᠳᠡᠯᠮᠦᠷᠢ ᠶᠢᠨ ᠱᠠᠩᠨᠠᠯ ᠤᠨ ᠮᠧᠳᠠᠯ ᠬᠦᠷᠲᠡᠭᠴᠢ 28 ᠬᠥᠮᠦᠨ᠂ ᠬᠤᠲᠠ ᠶᠢᠨ ᠲᠠᠰ ᠤᠨ ᠲᠠᠪᠤᠨ ᠰᠠᠷ᠎ᠠ ᠶᠢᠨ | ᠨᠢᠭᠡᠨ ᠤ ᠬᠥᠳᠡᠯᠮᠦᠷᠢ ᠶᠢᠨ ᠱᠠᠩᠨᠠᠯ ᠤᠨ ᠪᠢᠴᠢᠭ᠂ ᠠᠵᠢᠯᠴᠢᠨ ᠤ ᠬᠤᠰᠢᠭᠤᠴᠢ 6 ᠡᠷᠦᠬᠡ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠲᠠᠰ ᠤᠨ ᠰᠢᠨ᠎ᠡ ᠶᠢ ᠡᠭᠦᠳᠬᠦ ᠠᠵᠢᠯ ᠤᠨ ᠲᠠᠰᠤᠭ 3 ᠡᠷᠦᠬᠡ ᠶᠢ ᠰᠣᠩᠭᠤᠨ | ᠰᠢᠯᠭᠠᠷᠠᠭᠤᠯᠪᠠ᠃ ᠬᠦᠴᠦᠨ ᠢᠶᠠᠨ ᠲᠥᠪᠯᠡᠷᠡᠭᠦᠯᠦᠨ ᠬᠠᠤᠯᠢ ᠶᠣᠰᠣᠭᠠᠷ ᠲᠤᠭᠤᠷᠢᠭ ᠢᠶᠠᠨ ᠵᠠᠰᠠᠬᠤ ᠶᠢ ᠠᠬᠢᠭᠤᠯᠵᠤ᠂ | ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠦᠴᠦᠯᠡᠨ ᠴᠢᠩᠭᠠᠳᠬᠠᠵᠤ᠂ ︽ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠤᠬᠠᠭᠤᠯᠭ᠎ᠠ ᠶᠢᠨ ᠰᠠᠷ᠎ᠠ︾ ᠶᠢᠨ ᠲᠥᠪᠯᠡᠷᠡᠭᠦᠯᠦᠨ | ᠤᠬᠠᠭᠤᠯᠬᠤ ᠠᠵᠢᠯᠯᠠᠭ᠎ᠠ ᠵᠢᠴᠢ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ | ᠤᠬᠠᠭᠤᠯᠭ᠎ᠠ ᠪᠠ ᠲᠤᠬᠠᠶ ᠶᠢᠨ ᠲᠠᠯᠠᠪᠤᠷ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠵᠡᠷᠭᠡ ᠶᠢ ᠦᠷᠨᠢᠭᠦᠯᠪᠡ᠃ | ᠬᠦᠴᠦᠨ ᠢᠶᠠᠨ ᠲᠥᠪᠯᠡᠷᠡᠭᠦᠯᠦᠨ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠵᠦ᠂ ᠠᠵᠢᠯᠲᠠᠨ ᠠᠵᠢᠯᠴᠢᠨ ᠤ | ᠪᠣᠳᠠᠲᠤ ᠶᠠᠪᠤᠳᠠᠯ ᠰᠠᠶᠢᠨ ᠶᠠᠪᠤᠳᠠᠯ ᠢ ᠬᠦᠴᠦᠯᠡᠨ ᠰᠠᠶᠢᠲᠤᠷ ᠬᠢᠵᠦ᠂ ᠨᠡᠶᠢᠲᠡ 20 ᠲᠦᠮᠡᠨ ᠲᠥᠭᠦᠷᠢᠭ ᠤᠨ | ᠬᠠᠪᠰᠤᠷᠤᠨ ᠲᠡᠳᠬᠦᠬᠦ ᠪᠠᠯᠠ ᠮᠥᠩᠭᠦ ᠲᠠᠷᠬᠠᠭᠠᠵᠤ᠂ ᠶᠠᠳᠠᠭᠤ ᠬᠦᠴᠢᠷᠳᠡᠯᠲᠡᠶ ᠠᠵᠢᠯᠲᠠᠨ ᠠᠵᠢᠯᠴᠢᠨ ᠢ 29 ᠡᠷᠦᠬᠡ | ᠤᠳᠠᠭ᠎ᠠ ᠠᠪᠤᠷᠠᠨ ᠲᠤᠰᠠᠯᠠᠵᠤ᠂ 5 ᠡᠷᠦᠬᠡ ᠶᠢᠨ ᠦᠷ᠎ᠡ ᠬᠡᠤᠬᠡᠳ ᠤᠨ ᠰᠤᠷᠤᠯᠭ᠎ᠠ ᠶᠢ ᠲᠡᠳᠬᠦᠵᠦ᠂ 13 | ᠡᠷᠦᠬᠡ ᠳᠤ ᠠᠮᠢᠳᠤᠷᠠᠯ ᠤᠨ ᠨᠥᠬᠦᠪᠥᠷᠢ ᠶᠢ ᠤᠯᠭᠤᠪᠠ︔ 30 ᠭᠠᠷᠤᠶ ᠲᠦᠮᠡᠨ ᠲᠥᠭᠦᠷᠢᠭ ᠤᠨ ᠲᠤᠰᠬᠠᠶ ᠪᠠᠯᠠ | ᠮᠥᠩᠭᠦ ᠣᠷᠣᠭᠤᠯᠵᠤ᠂ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ︔ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ | ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ ᠡᠮᠡᠭᠲᠡᠶ ᠬᠥᠳᠡᠯᠮᠦᠷᠢᠴᠢᠨ ᠵᠡᠷᠭᠡ ᠬᠠᠮᠲᠤᠯᠢᠭ ᠤᠨ 200 | ᠬᠥᠮᠦᠨ ᠤ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠶᠢ ᠵᠣᠬᠢᠶᠠᠨ ᠪᠠᠶᠢᠭᠤᠯᠪᠠ᠃ ᠠᠵᠢᠯᠲᠠᠨ ᠠᠵᠢᠯᠴᠢᠨ ᠤ | ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ | ᠠᠯᠬᠤᠮ ᠥᠷᠭᠡᠳᠬᠡᠵᠦ᠂ ᠠᠵᠢᠯᠴᠢᠨ ᠤ ᠶᠡᠷᠦᠩᠬᠡᠶ ᠡᠪᠯᠡᠯ ᠳᠤ ᠣᠷᠣᠯᠴᠠᠭᠰᠠᠨ ᠬᠥᠮᠦᠨ ᠤ ᠪᠥᠬᠦ ᠲᠤᠭ᠎ᠠ 12167 | ᠪᠣᠯᠵᠣ᠂ ᠡᠮᠡᠭᠲᠡᠶᠢᠴᠦᠳ ᠤᠨ ᠰᠢᠨ ᠺᠠᠩ ᠠᠵᠢᠯᠯᠠᠭ᠎ᠠ ᠳᠤ ᠣᠷᠣᠯᠴᠠᠭᠰᠠᠨ ᠬᠥᠮᠦᠨ ᠤ ᠪᠥᠬᠦ ᠲᠤᠭ᠎ᠠ 1772 | ᠪᠤᠯᠪᠠ᠃ ᠬᠦᠴᠦᠨ ᠢᠶᠠᠨ ᠲᠥᠪᠯᠡᠷᠡᠭᠦᠯᠦᠨ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠵᠤ᠂ ᠠᠵᠢᠯᠴᠢᠨ ᠤ | ᠡᠪᠯᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠠᠵᠢᠯ ᠣᠯᠭᠤᠯᠲᠠ ᠶᠢᠨ ᠰᠢᠨ᠎ᠡ | ᠬᠡᠯᠪᠡᠷᠢ ᠶᠢᠨ ᠬᠠᠮᠲᠤᠯᠢᠭ 82 ᠠᠵᠢᠯᠴᠢᠨ ᠤ ᠡᠪᠯᠡᠯ ᠢ ᠪᠠᠶᠢᠭᠤᠯᠵᠤ᠂ 4500 ᠠᠵᠢᠯᠳᠠᠨ ᠠᠵᠢᠯᠴᠢᠨ ᠢ ᠬᠠᠮᠤᠷᠪᠠ᠃ | 2023 ᠣᠨ ᠳᠤ᠂ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽︿ᠬᠦᠰᠡᠯ | ᠵᠡᠭᠦᠳᠦ ᠪᠠᠨ ᠪᠡᠶᠡᠯᠡᠭᠦᠯᠬᠦ﹀ ᠢᠨᠵᠧᠨᠧᠷᠢᠩ︾᠂ ︽ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠥᠭᠡᠷᠡᠴᠢᠯᠡᠯᠲᠡ | ᠪᠠᠶᠢᠭᠤᠯᠤᠯᠲᠠ︾᠂ ︽ᠰᠢᠶᠠᠨ ᠤ ᠱᠠᠲᠤᠨ ᠤ ᠠᠵᠢᠯᠴᠢᠨ ᠤ ᠡᠪᠯᠡᠯ ᠢ ᠴᠢᠩᠭᠠᠳᠬᠠᠬᠤ ᠣᠨ︾ ᠭᠡᠬᠦ ᠭᠤᠷᠪᠠᠨ | ᠭᠤᠣᠯ ᠱᠤᠭᠤᠮ ᠤᠨ ᠲᠣᠭᠤᠷᠢᠨ ᠳᠤ᠂ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ | ᠬᠥᠭᠵᠢᠯᠲᠡ ᠳᠤ ᠦᠢᠯᠡᠴᠢᠯᠡᠬᠦ᠂ ᠠᠵᠢᠯᠳᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ | ᠠᠵᠢᠯᠳᠠᠨ ᠠᠵᠢᠯᠴᠢᠨ ᠳᠤ ᠪᠣᠳᠠᠲᠤ ᠶᠠᠪᠤᠳᠠᠯ ᠬᠢᠬᠦ᠂ ᠠᠵᠢᠯᠴᠢᠨ ᠤ ᠡᠪᠯᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ | ᠠᠬᠢᠭᠤᠯᠬᠤ ᠳᠤᠮᠳᠠ ᠡᠭᠦᠷᠭᠡᠯᠡᠨ ᠠᠵᠢᠯᠯᠠᠵᠤ᠂ ᠰᠢᠨ᠎ᠡ ᠴᠠᠭ ᠦᠶ᠎ᠡ ᠶᠢᠨ ᠰᠦᠩᠱᠠᠨ ᠲᠣᠭᠤᠷᠢᠭ ᠤᠨ ᠠᠵᠢᠯᠴᠢᠨ ᠤ | ᠡᠪᠯᠡᠯ ᠤᠨ ᠠᠵᠢᠯ ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠢ ᠬᠢᠨᠠᠨ ᠵᠥᠪᠯᠡᠵᠦ ᠪᠠᠲᠤᠯᠠᠵᠤ᠂ ᠸᠠᠩ ᠬᠠᠢ ᠶᠢᠨ | ᠨᠥᠬᠦᠷ ᠢ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠪᠠᠷ | ᠰᠣᠩᠭᠤᠪᠠ᠃ |