ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠳᠤᠭᠠᠷ ᠤᠳᠠᠭ᠎ᠠ ᠶᠢᠨ ᠡᠷᠬᠢᠯᠡᠭᠴᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/15
      3 ᠰᠠᠷ᠎ᠠ ᠶᠢᠨ 14 ᠤ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠸᠠᠩ ᠱᠦᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠡᠷᠬᠢᠯᠡᠭᠴᠢ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠴᠦᠨ ᠯᠢ᠂ ᠰᠦᠨ ᠵᠧᠨ ᠬᠠᠢ᠂ ᠱᠢ ᠵᠢᠶᠠᠨ ᠪᠢᠨ᠂ ᠯᠢ ᠭᠦᠸᠧ ᠯᠢᠨ ᠬᠤᠷᠠᠯ ᠳᠤ ᠣᠷᠣᠯᠴᠠᠪᠠ᠃      ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ ᠰᠣᠨᠣᠰᠴᠤ ᠬᠢᠨᠠᠨ ᠵᠦᠪᠯᠡᠵᠦ ᠪᠠᠲᠤᠯᠠᠪᠠ︔ ︽ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠬᠤ ᠴᠠᠭ᠂ ᠵᠥᠪᠯᠡᠬᠦ ᠵᠦᠢᠯ᠂  ᠡᠷᠬᠢᠯᠡᠬᠦ ᠬᠦᠮᠦᠨ᠂ ᠰᠤᠯᠠ ᠣᠷᠣᠯᠴᠠᠬᠤ ᠬᠥᠮᠦᠰ ᠢ ᠲᠣᠭᠲᠠᠭᠠᠵᠤ᠂ ᠰᠦᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠷᠠᠯᠳᠤᠭᠠᠨ ᠢ 3 ᠰᠠᠷ᠎ᠠ ᠶᠢᠨ 16 ᠤ ᠡᠳᠦᠷ ᠬᠤᠷᠠᠯᠳᠤᠭᠤᠯᠬᠤ ᠪᠠᠷ ᠲᠣᠭᠲᠠᠭᠠᠪᠠ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号