︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠪᠤᠰᠤ ᠡᠵᠡᠩᠨᠡᠯᠲᠡ ᠳᠤ ᠴᠣᠬᠢᠯᠲᠠ ᠥᠭᠬᠦ ᠪᠠᠶᠢᠩᠭᠤ ᠶᠢᠨ ᠠᠵᠢᠯ ᠤᠨ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/3/16
      ᠨᠢᠭᠡ᠂ ︽ᠠᠵᠢᠯ ᠤᠨ ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠤᠶ︖      ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠢ ᠦᠨᠳᠦᠰᠦᠯᠡᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠪᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠰᠦᠩᠱᠠᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠲᠣᠭᠲᠠᠭᠠᠪᠠ᠃      ᠬᠤᠶᠠᠷ᠂ ︽ᠠᠵᠢᠯ ᠤᠨ ᠲᠥᠰᠦᠯ︾ ᠤᠨ ᠵᠢᠯᠣᠭᠤᠳᠬᠤ ᠦᠵᠡᠯ ᠰᠠᠨᠠᠭ᠎ᠠ ᠨᠢ ᠶᠠᠭᠤ ᠪᠤᠢ︖      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠲᠢᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠴᠡᠭᠴᠡᠯᠡᠨ ᠵᠠᠰᠠᠬᠤ᠂ ᠬᠠᠤᠯᠢ ᠪᠤᠰᠤ ᠪᠠᠷ ᠡᠵᠡᠩᠨᠡᠵᠦ ᠪᠠᠶᠢᠭ᠎ᠠ ᠲᠡᠷᠭᠡ ᠬᠥᠰᠬᠡ ᠳᠤ ᠴᠣᠬᠢᠯᠲᠠ ᠥᠭᠬᠦ ᠵᠡᠷᠭᠡ ᠲᠠᠯ᠎ᠠ ᠪᠠᠷ ᠬᠢ ᠵᠢᠭᠠᠪᠤᠷᠢ ᠴᠣᠬᠤᠯᠠᠪᠤᠷᠢ ᠪᠠ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠠᠤᠯᠢ ᠶᠣᠰᠣᠭᠠᠷ ᠵᠠᠰᠠᠬᠤ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ᠂ ᠲᠣᠭᠲᠠᠴᠠ ᠶᠢ ᠪᠦᠷᠢᠨᠰᠢᠬᠦᠯᠬᠦ᠂ ᠠᠵᠢᠯ ᠢᠶᠠᠨ ᠬᠤᠪᠢᠶᠠᠷᠢᠯᠠᠨ ᠵᠠᠰᠠᠬᠤ︾ ᠠᠵᠢᠯ ᠤᠨ ᠵᠠᠷᠴᠢᠮ ᠶᠣᠰᠣᠭᠠᠷ᠂ ᠮᠠᠰᠢᠨᠲᠤ ᠲᠡᠷᠭᠡ ᠶᠢᠨ ᠬᠠᠤᠯᠢ ᠪᠤᠰᠤ ᠪᠠᠷ ᠡᠵᠡᠩᠨᠡᠵᠦ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠶᠡᠷᠦᠩᠬᠡᠶᠢᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠭᠤᠤᠯᠳᠠᠯᠭ᠎ᠠ ᠲᠠᠢ ᠵᠠᠮ ᠱᠤᠭᠤᠮ ᠪᠣᠯᠤᠨ ᠭᠤᠤᠯᠳᠠᠯᠭ᠎ᠠ ᠲᠠᠢ ᠣᠷᠣᠨ ᠪᠦᠰᠡ ᠶᠢᠨ ᠮᠠᠰᠢᠨᠲᠤ ᠲᠡᠷᠭᠡ ᠶᠢᠨ ᠬᠠᠤᠯᠢ ᠪᠤᠰᠤ ᠪᠠᠷ ᠲᠡᠭᠡᠭᠡᠪᠦᠷᠢᠯᠡᠨ ᠡᠵᠡᠩᠨᠡᠬᠦ ᠶᠢ ᠵᠢᠭᠰᠠᠭᠠᠨ ᠪᠠᠶᠢᠴᠠᠭᠠᠵᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠵᠤ᠂ ᠵᠢᠷᠤᠮᠵᠢᠭᠰᠠᠨ ᠡᠮᠬᠢ ᠵᠢᠷᠤᠮ ᠲᠠᠢ ᠵᠠᠮ ᠲᠡᠭᠡᠭᠡᠪᠦᠷᠢ ᠶᠢᠨ ᠡᠮᠬᠢ ᠳᠢᠭᠯᠢᠮ ᠢ ᠪᠣᠶ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃      ᠭᠤᠷᠪᠠ᠂ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠪᠤᠰᠤ ᠪᠠᠷ ᠲᠡᠭᠡᠭᠡᠪᠦᠷᠢ ᠡᠵᠡᠩᠨᠡᠬᠦ ᠳᠤ ᠴᠣᠬᠢᠯᠲᠠ ᠥᠭᠬᠦ ᠶᠢ ᠪᠠᠶᠢᠩᠭᠤᠵᠢᠭᠤᠯᠤᠨ ᠪᠠᠶᠢᠴᠠᠭᠠᠨ ᠰᠢᠢᠳᠪᠦᠷᠢᠯᠡᠬᠦ ᠠᠵᠢᠯ ᠤᠨ ᠭᠤᠤᠯᠳᠠᠯᠭ᠎ᠠ ᠨᠢ ᠶᠠᠭᠤ ᠪᠣᠶ︖      ︵ᠨᠢᠭᠡ︶ ᠵᠣᠬᠢᠶᠠᠨ ᠪᠠᠶᠢᠭᠤᠯᠤᠯᠲᠠ ᠲᠠᠢ ᠪᠠᠷ ᠬᠠᠤᠯᠢ ᠪᠤᠰᠤ ᠪᠠᠷ ᠡᠵᠡᠩᠨᠡᠵᠦ ᠪᠠᠶᠢᠭ᠎ᠠ ᠪᠠ ᠬᠦᠴᠦᠷᠬᠡᠭᠯᠡᠯ ᠵᠡᠷᠭᠡ ᠬᠠᠤᠯᠢ ᠪᠤᠰᠤ ᠠᠷᠭ᠎ᠠ ᠪᠠᠷᠢᠯ ᠤᠨ ᠰᠡᠵᠢᠭᠯᠡᠯᠲᠡᠶ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠭᠠᠭᠴᠠᠭᠠᠷ ᠡᠵᠡᠮᠰᠢᠭᠰᠡᠨ ᠬᠥᠮᠦᠰ᠂ ᠡᠪᠰᠡᠯ ᠪᠦᠯᠦᠭ ᠪᠣᠯᠤᠨ ᠡᠭᠦᠷ ᠢ ᠡᠷᠡᠰ ᠪᠠᠶᠢᠴᠠᠭᠠᠨ ᠰᠢᠢᠳᠪᠦᠷᠢᠯᠡᠬᠦ ᠪᠠ ᠲᠡᠭᠦᠨ ᠳᠤ ᠴᠣᠬᠢᠯᠲᠠ ᠥᠭᠭᠦᠨ᠎ᠡ᠃      ︵ᠬᠤᠶᠠᠷ︶ ᠵᠠᠮ ᠲᠡᠭᠡᠭᠡᠪᠦᠷᠢ ᠶᠢᠨ ᠬᠠᠮᠢᠶ᠎ᠠ ᠪᠥᠬᠦᠢ ᠡᠵᠡᠩᠨᠡᠬᠦ ᠵᠥᠪᠰᠢᠶᠡᠷᠡᠯ ᠣᠯᠤᠭᠰᠠᠨ ᠥᠭᠡᠢ ᠪᠤᠶᠤ ᠬᠦᠴᠦᠨ ᠥᠭᠡᠢ ᠪᠣᠯᠤᠭᠰᠠᠨ᠂ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠬᠦᠴᠦᠨ ᠥᠭᠡᠢ ᠪᠣᠯᠭᠠᠭᠳᠠᠭᠰᠠᠨ ᠵᠡᠷᠭᠡ ᠬᠦᠴᠦᠨ ᠥᠭᠡᠢ ᠵᠥᠪᠰᠢᠶᠡᠷᠡᠯ ᠤᠨ ᠦᠨᠡᠮᠯᠡᠯ ᠢ ᠬᠡᠷᠡᠭᠯᠡᠨ ᠡᠭᠡᠯᠵᠢ ᠶᠢᠨ ᠱᠤᠭᠤᠮ ᠤᠨ ᠠᠶᠠᠨᠴᠢᠳ ᠤᠨ ᠲᠡᠭᠡᠭᠡᠪᠦᠷᠢ᠂ ᠲᠡᠷᠭᠡ ᠳᠠᠭᠠᠭᠠᠴᠢᠯᠠᠭᠰᠠᠨ ︵ᠵᠢᠭᠤᠯᠴᠢᠯᠠᠯ︶ ᠠᠶᠠᠨᠴᠢᠳ ᠤᠨ ᠲᠡᠭᠡᠭᠡᠪᠦᠷᠢ᠂ ᠲᠦᠷᠢᠶᠡᠰᠦᠨ ᠮᠠᠰᠢᠨ ᠲᠡᠷᠭᠡ᠂ ᠵᠠᠮ ᠳᠤ ᠠᠶᠤᠯ ᠲᠠᠢ ᠪᠠᠷᠠᠭ᠎ᠠ ᠲᠡᠭᠡᠭᠡᠪᠦᠷᠢᠯᠡᠬᠦ ᠵᠡᠷᠭᠡ ᠬᠠᠤᠯᠢ ᠪᠤᠰᠤ ᠪᠠᠷ ᠡᠵᠡᠩᠨᠡᠬᠦ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ︵ᠭᠤᠷᠪᠠ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠴᠠ ᠵᠥᠷᠢᠴᠡᠨ᠂ ᠬᠠᠤᠯᠢ ᠪᠤᠰᠤ ᠪᠠᠷ ᠡᠵᠡᠩᠨᠡᠵᠦ ᠪᠠᠶᠢᠭ᠎ᠠ ᠲᠡᠷᠭᠡ ᠬᠥᠰᠬᠡ ᠳᠤ ᠬᠢᠵᠢᠭ ᠤᠨ ᠪᠠᠶᠢᠳᠠᠯ ᠤᠨ ᠲᠦᠭᠰᠢᠭᠦᠷᠢ ᠲᠠᠢ ᠬᠥᠮᠦᠰ ᠢ ᠰᠠᠭᠤᠯᠭᠠᠵᠤ᠂ ᠤᠯᠠᠭᠠᠨᠬᠠᠳᠠ ᠳᠤ ᠣᠷᠣᠬᠤ ᠪᠠ ᠤᠯᠠᠭᠠᠨᠬᠠᠳᠠ ᠠᠴᠠ ᠰᠠᠯᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃      ︵ᠳᠥᠷᠪᠡ︶ ᠰᠦᠯᠵᠢᠶ᠎ᠡ ᠪᠠᠷ ᠲᠡᠷᠭᠡ ᠪᠣᠯᠵᠣᠬᠤ ᠠᠵᠤ ᠠᠬᠤᠶᠢᠯᠠᠯ᠂ ᠲᠠᠪᠴᠠᠩ᠂ ᠸᠢᠴᠠᠲ ᠤᠨ ᠪᠦᠯᠦᠭ᠂ ᠵᠢᠵᠢᠭ ᠲᠠᠰ ᠳᠠᠷᠠᠭᠠᠯᠠᠯ᠂ ᠡᠵᠡᠩᠨᠡᠯᠲᠡ ᠶᠢᠨ ᠲᠡᠷᠭᠡ ᠬᠥᠰᠬᠡ ᠵᠢᠴᠢ ᠵᠢᠯᠣᠭᠤᠴᠢ ᠶᠢᠨ ᠡᠵᠡᠩᠨᠡᠯᠲᠡ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠴᠤ᠂ ᠰᠦᠯᠵᠢᠶ᠎ᠡ ᠪᠠᠷ ᠪᠣᠯᠵᠣᠭᠰᠠᠨ ᠲᠦᠷᠢᠶᠡᠰᠦᠨ ᠮᠠᠰᠢᠨ ᠲᠡᠷᠭᠡ ᠡᠵᠡᠩᠨᠡᠬᠦ ᠵᠥᠪᠰᠢᠶᠡᠷᠡᠯ ᠣᠯᠤᠭᠰᠠᠨ ᠥᠬᠡᠶ᠂ ᠡᠬᠢᠯᠡᠯᠲᠡ ᠶᠢᠨ ᠴᠢᠭ ᠨᠢ ᠵᠥᠪᠰᠢᠶᠡᠷᠡᠯ ᠣᠯᠤᠭᠰᠠᠨ ᠡᠵᠡᠩᠨᠡᠯᠲᠡ ᠶᠢᠨ ᠣᠷᠣᠨ ᠪᠦᠰᠡ ᠳᠤ ᠪᠠᠶᠢᠬᠤ ᠥᠬᠡᠶ ᠪᠠ ᠰᠦᠯᠵᠢᠶ᠎ᠡ ᠪᠠᠷ ᠪᠣᠯᠵᠣᠭᠰᠠᠨ ᠲᠡᠷᠭᠡ ᠪᠠᠷ ᠲᠣᠭᠤᠷᠢᠨ ᠵᠤᠭᠠᠴᠠᠵᠤ ᠵᠣᠴᠢᠨ ᠲᠠᠲᠠᠬᠤ᠂ ᠥᠷᠲᠡᠭᠡ ᠴᠢᠭ ᠲᠤ ᠵᠣᠴᠢᠨ ᠬᠦᠯᠢᠶᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠲᠠᠪᠤ︶ ᠪᠠᠶᠢᠩᠭᠤᠵᠢᠭᠤᠯᠤᠨ ᠪᠠᠶᠢᠴᠠᠭᠠᠨ ᠰᠢᠢᠳᠪᠦᠷᠢᠯᠡᠬᠦ ᠶᠠᠪᠤᠴᠠ ᠳᠤ ᠢᠯᠡᠷᠡᠭᠦᠯᠦᠭᠰᠡᠨ ᠬᠤᠷᠳᠤᠴᠠ ᠠᠴᠠ ᠬᠡᠲᠦᠷᠡᠭᠦᠯᠦᠭᠰᠡᠨ᠂ ᠳᠠᠭᠠᠭᠠᠴᠠ ᠠᠴᠠ ᠬᠡᠲᠦᠷᠡᠭᠦᠯᠦᠭᠰᠡᠨ᠂ ᠬᠥᠮᠦᠨ ᠤ ᠲᠤᠭ᠎ᠠ ᠠᠴᠠ ᠬᠡᠲᠦᠷᠡᠭᠦᠯᠦᠭᠰᠡᠨ ᠪᠠ ᠶᠠᠳᠠᠷᠠᠭᠤ ᠪᠠᠷ ᠲᠡᠷᠭᠡ ᠵᠢᠯᠣᠭᠤᠳᠤᠭᠰᠠᠨ ︽ᠭᠤᠷᠪᠠ ᠠᠴᠠ ᠬᠡᠲᠦᠷᠡᠭᠦᠯᠦᠨ ᠨᠢᠭᠡ  ᠶᠠᠳᠠᠷᠠᠭᠰᠠᠨ︾᠂ ︽ᠵᠠᠭᠤᠨ ᠲᠣᠨ ᠤ ᠸᠠᠩ︾᠂ ︽ᠶᠡᠭᠡ ᠲᠡᠷᠭᠡ ᠪᠠᠭ᠎ᠠ ᠦᠨᠡᠮᠯᠡᠯ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠮᠲᠤ ᠳᠤ ᠨᠢ ᠬᠠᠮᠢᠶ᠎ᠠ ᠪᠥᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠲᠤ ᠲᠤᠰᠢᠶᠠᠵᠤ ᠪᠠᠶᠢᠴᠠᠭᠠᠨ ᠰᠢᠢᠳᠪᠦᠷᠢᠯᠡᠭᠦᠯᠦᠨ᠎ᠡ ᠃      ᠳᠥᠷᠪᠡ᠂ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠪᠤᠰᠤ ᠪᠠᠷ ᠲᠡᠭᠡᠭᠡᠪᠦᠷᠢ ᠡᠵᠡᠩᠨᠡᠬᠦ ᠳᠤ ᠴᠣᠬᠢᠯᠲᠠ ᠥᠭᠬᠦ ᠶᠢ ᠪᠠᠶᠢᠩᠭᠤᠵᠢᠭᠤᠯᠤᠨ ᠪᠠᠶᠢᠴᠠᠭᠠᠨ ᠰᠢᠢᠳᠪᠦᠷᠢᠯᠡᠬᠦ ᠳᠤ ᠶᠠᠮᠠᠷ ᠶᠠᠮᠠᠷ ᠰᠠᠯᠠᠭ᠎ᠠ ᠮᠥᠴᠢᠷ ᠣᠷᠣᠯᠴᠠᠬᠤ ᠪᠣᠶ︖      ᠬᠠᠤᠯᠢ ᠴᠠᠭᠠᠵᠠ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠠᠶᠢᠴᠠᠭᠠᠨ  ᠰᠢᠢᠳᠪᠦᠷᠢᠯᠡᠵᠦ ᠴᠣᠬᠢᠯᠲᠠ ᠥᠭᠬᠦ ᠠᠵᠢᠯ ᠳᠤ ᠣᠷᠣᠯᠴᠠᠨ᠎ᠠ᠃      ᠲᠠᠪᠤ᠂ ᠢᠯᠡᠴᠢᠯᠡᠨ ᠮᠡᠳᠡᠭᠦᠯᠬᠦ ᠠᠵᠢᠯ ᠢ ᠬᠡᠷᠬᠢᠨ ᠬᠢᠬᠦ ᠪᠤᠢ︖      ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ᠢᠯᠡᠴᠢᠯᠡᠨ ᠮᠡᠳᠡᠭᠦᠯᠬᠦ ᠤᠲᠠᠰᠤ ︵12328︶᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠢᠯᠡᠴᠢᠯᠡᠨ ᠮᠡᠳᠡᠭᠦᠯᠬᠦ ᠤᠲᠠᠰᠤ ︵110︶ ᠵᠡᠷᠭᠡ ᠳᠤ ᠤᠲᠠᠰᠤᠳᠠᠵᠤ ᠢᠯᠡᠴᠢᠯᠡᠨ ᠮᠡᠳᠡᠭᠦᠯᠵᠦ ᠪᠣᠯᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号