ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠥᠷᠲᠡᠭᠡᠨ ᠳᠤ ︽ᠰᠦᠩᠱᠠᠨ | ᠲᠣᠭᠤᠷᠢᠭ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ︾ ᠭᠡᠬᠦ ᠫᠠᠶᠢᠰᠠ ᠨᠡᠮᠡᠵᠦ ᠡᠯᠭᠦᠬᠦ ᠨᠢ | ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠳᠤ | ᠲᠥᠪ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠡᠯ᠎ᠡ | ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠲᠤ ᠴᠥᠮ ᠲᠠᠷᠢᠶᠠᠯᠠᠩ ᠤᠨ ᠷᠠᠳᠢᠣ᠋ ᠲᠧᠯᠸᠢᠰ ᠤᠨ | ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠠᠶᠢᠭᠤᠯᠬᠤ ᠬᠡᠷᠡᠭᠲᠡᠢ ᠬᠡᠬᠦ ᠱᠠᠭᠠᠷᠳᠠᠯᠭ᠎ᠠ ᠶᠢ ᠦᠨᠳᠦᠰᠦᠯᠡᠨ᠂ ᠥᠨᠳᠥᠷ | ᠬᠡᠪ ᠪᠣᠯᠪᠠᠰᠤᠷᠠᠯ ᠲᠠᠢ ᠲᠠᠷᠢᠶᠠᠴᠢᠳ ᠤᠨ ᠪᠣᠯᠪᠠᠰᠤᠷᠠᠭᠤᠯᠤᠯ ᠢ ᠭᠦᠨᠵᠡᠭᠡᠶᠢᠷᠡᠭᠦᠯᠦᠨ ᠠᠬᠢᠭᠤᠯᠬᠤ ᠶᠢᠨ ᠲᠥᠯᠥᠭᠡ | ᠶᠤᠮ᠃ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠳᠤ ᠳᠠᠩᠰᠠᠯᠠᠭᠤᠯᠤᠭᠰᠠᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ | ᠨᠠᠮᠲᠠᠷ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠵᠢᠴᠢ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠢ | ᠬᠥᠮᠦᠵᠢᠭᠦᠯᠬᠦ ᠮᠡᠳᠡᠯᠭᠡ ᠶᠢ ᠰᠢᠨᠡᠳᠬᠡᠬᠦ ᠴᠢᠬᠤᠯᠠ ᠪᠣᠯᠪᠠᠰᠤᠷᠠᠯ ᠤᠨ ᠰᠠᠭᠤᠷᠢᠨ ᠪᠣᠯᠤᠭᠰᠠᠨ ᠤ ᠬᠤᠪᠢ ᠳᠤ᠂ ᠥᠨᠳᠥᠷ | ᠬᠡᠪ ᠪᠣᠯᠪᠠᠰᠤᠷᠠᠯ ᠲᠠᠢ ᠲᠠᠷᠢᠶᠠᠴᠢᠨ ᠤ ᠪᠣᠯᠪᠠᠰᠤᠷᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢᠨ ᠬᠥᠭᠵᠢᠯᠲᠡ ᠳᠤ ᠴᠢᠬᠤᠯᠠ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ | ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ ᠲᠠᠷᠢᠶᠠᠯᠠᠩ ᠤᠨ ᠣᠳᠣᠬᠢᠴᠢᠯᠠᠯᠲᠠ ᠶᠢ | ᠲᠦᠷᠭᠡᠳᠬᠡᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠬᠦ ᠲᠤᠬᠠᠶ ᠰᠠᠨᠠᠯ ᠤᠳ︾ | ︵ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︶᠂ 2020 ᠣᠨ ᠤ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ︽︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ | ᠬᠦᠷᠢᠶᠡᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠲᠤᠬᠠᠢ ᠰᠠᠨᠠᠯ︾ ︵ᠲᠥᠪ ᠤᠨ ᠨᠢᠭᠡᠳᠦᠭᠡᠷ ᠲᠣᠭᠠᠲᠤ | ᠪᠢᠴᠢᠭ ᠮᠠᠲᠧᠷᠢᠶᠠᠯ︶᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ | ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ︾ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠤᠬᠠᠢ ᠰᠠᠨᠠᠯ︾ | ᠪᠠ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠵᠢᠯ ᠦᠢᠯᠡᠰ ᠤᠨ ᠨᠢᠭᠡᠴᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠢᠭ ᠤᠨ ᠬᠡᠷᠡᠭᠵᠢᠭᠦᠯᠬᠦ ᠲᠥᠰᠦᠯ ᠤᠨ ᠮᠡᠳᠡᠭᠳᠡᠯ︾ ︵ | ᠤᠯᠠᠭᠠᠨᠬᠠᠳᠠ ᠰᠦᠩᠱᠠᠨ ᠨᠠᠮ ᠠᠯᠪᠠᠨ ᠲᠠᠷᠬᠠᠭᠠᠭᠰᠠᠨ︹ 2021︺4 ᠳ᠋ᠦ᠋ᠭᠡᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠤᠶᠠᠯᠳᠤᠭᠤᠯᠤᠨ᠂ | ᠲᠠᠷᠢᠶᠠᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠥᠷᠲᠡᠭᠡ ᠳᠤ ︽ᠰᠦᠩᠱᠠᠨ | ᠲᠣᠭᠤᠷᠢᠭ ᠤᠨ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ︾ ᠭᠡᠬᠦ ᠫᠠᠶᠢᠰᠠ ᠶᠢ ᠨᠡᠮᠡᠵᠦ ᠡᠯᠭᠦᠬᠦ ᠪᠠᠷ | ᠲᠣᠭᠲᠠᠪᠠ᠃ |