ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠰᠣᠯᠣᠩᠭᠠᠨ | ᠠᠵᠢᠯᠯᠠᠭ᠎ᠠ︾ ᠶᠢᠨ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠰᠬᠠᠶ ᠲᠥᠷᠥᠯ ᠤᠨ | ᠨᠡᠶᠢᠳᠡᠮ ᠪᠠᠶᠢᠴᠠᠭᠠᠯᠲᠠ ᠶᠢᠨ ᠠᠵᠢᠯᠯᠠᠭ᠎ᠠ ᠰᠦᠩᠱᠠᠨ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ | ᠬᠦᠷᠢᠶᠡᠨ ᠳᠤ ᠬᠦᠷᠴᠦ᠂ ᠰᠤᠷᠤᠭᠴᠢᠳ ᠲᠤ ᠰᠦᠢᠳᠬᠡᠯ ᠬᠤᠷᠢᠶᠠᠬᠤ ᠥᠬᠡᠶ ᠪᠠᠷ ᠬᠠᠷᠠᠭᠠᠨ ᠤ ᠪᠠᠶᠢᠴᠠᠭᠠᠯᠲᠠ ᠬᠢᠵᠦ | ᠦᠭᠪᠡ᠃ | ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠬᠢᠨᠠᠨ ᠬᠡᠮᠵᠢᠬᠦ ᠲᠥᠷᠥᠯ ᠵᠦᠢᠯ ᠳᠤ ᠬᠤᠶᠠᠷ ᠨᠢᠳᠦᠨ ᠤ | ᠨᠢᠴᠦᠭᠦᠨ ᠬᠠᠷᠠᠭ᠎ᠠ ᠵᠢᠴᠢ ᠬᠡᠷᠡᠯ ᠤᠨ ᠨᠤᠭᠤᠷᠠᠯᠲᠠ ᠶᠢᠨ ᠬᠡᠮᠵᠢᠶ᠎ᠡ ᠶᠢ ᠪᠠᠭᠲᠠᠭᠠᠨ᠎ᠠ᠂ ᠬᠢᠨᠠᠨ ᠬᠡᠮᠵᠢᠭᠰᠡᠨ ᠤ ᠳᠠᠷᠠᠭ᠎ᠠ | ᠰᠣᠷᠣᠭᠴᠢ ᠶᠢᠨ ᠬᠠᠷᠠᠭ᠎ᠠ ᠶᠢ ᠬᠢᠨᠠᠨ ᠬᠡᠮᠵᠢᠬᠦ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢᠨ ᠬᠠᠮᠲᠤ ᠣᠶᠢᠷ᠎ᠠ ᠬᠠᠷᠠᠭ᠎ᠠ ᠶᠢ | ᠰᠡᠷᠭᠡᠶᠢᠯᠡᠨ ᠡᠵᠡᠮᠳᠡᠬᠦ ᠲᠠᠪᠴᠠᠩ ᠳᠤ ᠳᠡᠭᠡᠭᠰᠢ ᠳᠠᠮᠵᠢᠭᠤᠯᠵᠤ᠂ ᠰᠣᠷᠣᠭᠴᠢ ᠶᠢᠨ ᠬᠠᠷᠠᠭ᠎ᠠ ᠶᠢᠨ ᠲᠠᠩᠰᠠ ᠡᠪᠬᠡᠮᠡᠯ ᠢ | ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠰᠣᠷᠣᠭᠴᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ | ᠲᠠᠪᠴᠠᠩ ᠲᠠᠢ ᠵᠣᠯᠭᠠᠭᠤᠯᠵᠤ᠂ ᠵᠠᠯᠠᠭᠤᠴᠤᠳ ᠪᠠᠭᠠᠴᠤᠳ ᠬᠡᠤᠬᠡᠳ ᠤᠨ ᠶᠡᠷᠦᠩᠬᠡᠶᠢᠯᠡᠭᠰᠡᠨ ᠣᠶᠢᠷ᠎ᠠ ᠬᠠᠷᠠᠭ᠎ᠠ ᠶᠢ | ᠰᠡᠷᠭᠡᠶᠢᠯᠡᠨ ᠡᠵᠡᠮᠳᠡᠬᠦ ᠠᠵᠢᠯ ᠳᠤ ᠰᠢᠨᠵᠢᠯᠡᠬᠦ ᠤᠬᠠᠭᠠᠨᠴᠢ ᠰᠠᠭᠤᠷᠢ ᠪᠠᠷᠢᠮᠲᠠ ᠬᠠᠩᠭᠠᠨ᠎ᠠ᠃ | ᠲᠤᠰ ᠤᠳᠠᠭᠠᠨ ᠤ ︽ᠰᠣᠯᠣᠩᠭ᠎ᠠ ᠶᠢᠨ ᠠᠵᠢᠯᠯᠠᠭ᠎ᠠ︾ ᠶᠢ ᠰᠦᠩᠱᠠᠨ ᠲᠣᠭᠤᠷᠢᠭ ᠲᠤ ᠣᠷᠣᠭᠤᠯᠬᠤ | ᠠᠵᠢᠯᠯᠠᠭ᠎ᠠ ᠶᠢ ᠤᠯᠠᠭᠠᠨᠬᠠᠳᠠ ᠶᠢᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠠᠴᠠ ᠬᠠᠷᠢᠭᠤᠴᠠᠨ | ᠶᠠᠪᠤᠭᠳᠠᠭᠤᠯᠵᠤ᠂ ᠬᠤᠲᠠ᠂ ᠲᠣᠭᠤᠷᠢᠭ ᠤᠨ ᠬᠤᠶᠠᠷ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ | ᠵᠢᠯᠣᠭᠤᠳᠣᠯᠭ᠎ᠠ ᠳᠣᠤᠷ᠎ᠠ᠂ ᠲᠣᠰ ᠡᠮᠨᠡᠯᠭᠡ ᠶᠢᠨ ᠬᠤᠷᠢᠶ᠎ᠠ 8 ᠰᠤᠷᠭᠠᠭᠤᠯᠢ ᠶᠢᠨ ᠬᠦᠷᠢᠶᠡᠨ ᠤ ᠰᠢᠭᠰᠢᠨ ᠪᠠᠶᠢᠴᠠᠭᠠᠬᠤ | ᠡᠮᠴᠢᠯᠡᠭᠡᠨ ᠤ ᠠᠩᠭᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠬᠠᠷᠠᠭᠠᠨ ᠤ ᠨᠡᠶᠢᠳᠡᠮ | ᠪᠠᠶᠢᠴᠠᠭᠠᠯᠲᠠ ᠶᠢᠨ ᠠᠵᠢᠯ ᠢ ᠵᠡᠷᠭᠡ ᠪᠠᠷ ᠥᠷᠨᠢᠭᠦᠯᠵᠦ᠂ ᠰᠦᠩᠱᠠᠨ ᠲᠣᠭᠤᠷᠢᠭ ᠤᠨ 10 ᠲᠦᠮᠡ ᠭᠠᠷᠤᠶ ᠳᠤᠮᠳᠠᠳᠤ | ᠪᠠᠭ᠎ᠠ ᠰᠤᠷᠭᠠᠭᠤᠯᠢ ᠶᠢᠨ ᠰᠣᠷᠣᠭᠴᠢ ᠳᠤ ᠰᠦᠢᠳᠬᠡᠯ ᠬᠤᠷᠢᠶᠠᠬᠤ ᠥᠬᠡᠶ ᠪᠠᠷ ᠬᠠᠷᠠᠭᠠᠨ ᠤ ᠪᠠᠶᠢᠴᠠᠭᠠᠯᠲᠠ ᠬᠢᠬᠦ | ᠪᠣᠯᠤᠨ᠎ᠠ᠂ ᠣᠳᠣᠬᠠᠨ ᠳᠤ ᠨᠡᠶᠢᠳᠡᠮ ᠪᠠᠶᠢᠴᠠᠭᠠᠯᠲᠠ ᠶᠢᠨ ᠰᠣᠷᠣᠭᠴᠢ ᠶᠢᠨ ᠲᠤᠭ᠎ᠠ ᠨᠢᠭᠡᠨᠲᠡ 6 ᠲᠦᠮᠡᠨ ᠬᠥᠮᠦᠨ | ᠤᠳᠠᠭ᠎ᠠ ᠳᠤ ᠬᠦᠷᠪᠡ᠃ |